ᠪᠠᠶᠢᠭᠤᠯᠭ᠎ᠠ ᠶᠢᠨ ᠲᠡᠥᠬᠡᠨ ᠣᠯᠠ ᠮᠦᠷ
ᠨᠡᠶᠢᠲᠡᠯᠡᠭᠰᠡᠨ ᠴᠠᠭ᠄
2024/2/27
    ᠤᠯᠠᠭᠠᠢ ᠬᠠᠮᠢᠶᠠᠷᠣᠯᠳᠠ ᠶᠢᠨ ᠣᠷᠣᠨ ᠨᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠡᠭᠦᠨ ᠬᠤᠶᠢᠳᠣ ᠬᠡᠰᠡᠭ ᠲᠤ ᠪᠠᠶᠢᠷᠢᠯᠠᠵᠦ᠂ ᠰᠢᠯᠢ ᠶᠢᠨ ᠭᠤᠣᠯ ᠠᠶᠢᠮᠠᠭ᠂ ᠬᠢᠩᠭᠠᠨ ᠠᠶᠢᠮᠠᠭ᠂ ᠲᠦᠩᠯᠢᠶᠣᠣ ᠬᠤᠳᠠ ᠶᠢᠨ ᠠᠭᠤᠯᠵᠠᠷ ᠲᠤ ᠪᠠᠶᠢᠷᠢᠯᠠᠨ᠂ ᠡᠮᠦᠨ᠎ᠡ ᠲᠠᠯ᠎ᠠ ᠨᠢ ᠬᠤᠣᠯᠢᠩᠭᠤᠣᠯ ᠬᠤᠳᠠ ᠲᠠᠢ ᠵᠠᠬ᠎ᠠ ᠨᠡᠶᠢᠯᠡᠵᠦ᠂ ᠵᠡᠭᠦᠨ ᠬᠤᠶᠢᠳᠣ ᠲᠠᠯ᠎ᠠ ᠨᠢ ᠷᠠᠰᠢᠶᠠᠨ ᠬᠤᠲᠠ ᠲᠠᠢ ᠬᠦᠷᠰᠢᠯᠡᠵᠦ ᠪᠣᠢ᠃ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠨᠢ 5031 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠪᠠᠶᠠᠨᠬᠤᠰᠢᠭᠤ 1 ᠪᠠᠶᠢᠭᠤᠯᠤᠮᠵᠢ ᠶᠢᠨ ᠳᠦᠷᠢᠮᠲᠦ ᠪᠠᠯᠭᠠᠰᠤ ︵ᠬᠠᠮᠢᠶᠠᠷᠤᠯᠲᠠ ᠶᠢᠨ ᠵᠥᠪᠯᠡᠯ ᠤᠨ ᠪᠠᠶᠢᠭ᠎ᠠ ᠭᠠᠵᠠᠷ︶ ᠪᠠ ᠬᠠᠯᠠᠭᠠᠶᠢᠳᠤ᠂ ᠤᠯᠠᠭᠠᠶ ᠬᠡᠰᠡᠭ ᠠᠭᠤᠯᠠ ᠵᠡᠷᠭᠡ 3 ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ  ᠬᠠᠷᠢᠶᠠᠨ ᠳᠤ ᠪᠣᠢ᠃ ᠃ 1960 ᠣᠨ ᠠᠴᠠ ᠨᠠᠭᠠᠰᠢ ︽ᠣᠯᠣᠰ ᠠᠴᠠ ᠡᠵᠡᠩᠨᠡᠭᠰᠡᠨ ᠮᠠᠰᠢᠨ ᠢᠶᠠᠷ ᠲᠠᠷᠢᠶᠠᠯᠠᠬᠤ ᠲᠠᠷᠢᠶᠠᠯᠠᠩ ᠤᠨ ᠲᠠᠯᠠᠪᠠᠢ ᠦᠢᠯᠡᠳᠪᠦᠷᠢᠯᠡᠨ ᠪᠦᠳᠦᠬᠡᠨ ᠪᠠᠶᠢᠭᠤᠯᠬᠤ ᠠᠷᠮᠢ᠂ᠮᠠᠯᠵᠢᠯ ᠤᠨ ᠲᠠᠯᠠᠪᠠᠢ ᠶᠢᠨ ᠬᠠᠮᠢᠶᠠᠷᠣᠯᠳᠠ ᠶᠢᠨ ᠲᠣᠪᠴᠢᠶ᠎ᠠ ᠶᠡᠷᠦᠩᠬᠡᠢ ᠨᠡᠬᠡᠬᠡᠯᠳᠡ ᠶᠢᠨ ᠣᠷᠣᠨ︾ ᠬᠡᠮᠡᠬᠦ ᠪᠠᠶᠢᠭᠤᠯᠣᠮᠵᠢ ᠶᠢᠨ ᠬᠤᠪᠢᠰᠤᠯᠲᠠ ᠶᠢ ᠦᠩᠭᠡᠷᠡᠭᠡᠵᠦ᠂ 1993 ᠣᠨ ᠳᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠦᠪᠰᠢᠶᠡᠷᠡᠯᠳᠡ ᠪᠠᠷ ᠬᠤᠰᠢᠭᠤ ᠰᠢᠶᠠᠨ ᠤ ᠬᠠᠮᠢᠶᠠᠷᠣᠯᠳᠠ ᠶᠢᠨ ᠴᠢᠳᠠᠮᠵᠢ ᠶᠢ ᠬᠡᠷᠡᠭᠵᠢᠬᠦᠯᠵᠦ᠂ ᠣᠯᠠᠭᠠᠢ ᠮᠠᠯᠵᠢᠯ ᠤᠨ ᠲᠠᠯᠠᠪᠠᠢ ᠶᠢᠨ ᠬᠠᠮᠢᠶᠠᠷᠣᠯᠳᠠ ᠶᠢᠨ ᠲᠣᠪᠴᠢᠶ᠎ᠠ ᠲᠠᠢ ︽ᠨᠢᠭᠡ ᠪᠥᠷᠢᠯᠳᠦᠭᠦᠨ ᠂ ᠬᠤᠶᠠᠷ ᠫᠠᠶᠢᠰᠠ︾ ᠶᠢᠨ ᠪᠠᠶᠢᠭᠤᠯᠣᠮᠵᠢ ᠶᠢᠨ ᠬᠠᠮᠢᠶᠠᠷᠣᠯᠳᠠ ᠶᠢ ᠬᠡᠷᠡᠭᠵᠢᠬᠦᠯᠵᠣ᠂ ᠰᠢᠯᠢ ᠶᠢᠨ ᠭᠤᠣᠯ ᠠᠶᠢᠮᠠᠭ ᠤᠨ 13 ᠬᠤᠰᠢᠭᠤ ᠰᠢᠶᠠᠨ ᠬᠤᠳᠠ ᠲᠣᠭᠤᠷᠢᠭ ᠤᠨ ᠨᠢᠬᠡ ᠪᠣᠯᠪᠠ᠃ 2013 ᠣᠨ ᠠᠴᠠ ᠡᠬᠢᠯᠡᠨ᠂ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠦᠪᠡᠷᠲᠡᠭᠡᠨ ᠵᠠᠰᠠᠬᠤ ᠣᠷᠣᠨ ᠳᠤ ᠲᠤᠰ ᠲᠤᠨᠢ ᠵᠢᠭᠰᠠᠭᠠᠵᠤ᠂ 2017 ᠣᠨ ᠳᠤ ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠰᠢᠭᠦᠬᠦ ᠬᠤᠷᠢᠶ᠎ᠠ ᠶᠢ ᠪᠠᠶᠢᠭᠤᠯᠤᠨ᠂ 2019 ᠣᠨ ᠳᠤ ᠤᠯᠠᠭᠠᠢ ᠬᠠᠮᠢᠶᠠᠷᠤᠯᠲᠠ ᠶᠢᠨ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ᠨᠠᠮ  ᠵᠠᠰᠠᠭ ᠣᠯᠠᠨ ᠲᠦᠮᠡᠨ ᠤ ᠪᠠᠶᠢᠭᠤᠯᠭ᠎ᠠ  ᠪᠦᠷᠢᠯᠳᠦᠵᠡᠢ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号