ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ᠂ ᠴᠡᠭ ᠢᠶᠠᠷ ᠪᠥᠬᠦ ᠲᠠᠯ᠎ᠠ ᠶᠢ ᠳᠠᠶᠢᠴᠢᠯᠠᠨ᠂ | ᠥᠭᠡᠷᠡᠴᠢᠯᠡᠯᠲᠡ ᠶᠢᠨ ᠡᠭᠦᠷᠭᠡ ᠶᠢ ᠠᠯᠬᠤᠮ ᠳᠠᠷᠠᠭ᠎ᠠ ᠲᠠᠢ ᠪᠠᠷ ᠨᠠᠶᠢᠳᠠᠪᠤᠷᠢᠵᠢᠭᠤᠯᠵᠤ ᠪᠠᠶᠢᠨ᠎ᠠ᠃ 2023 ᠣᠨ | ᠳᠤ᠂ ᠥᠪᠥᠷ ᠮᠣᠩᠭᠤᠯ ᠤᠨ ᠣᠨ ᠤ ᠰᠢᠨ᠎ᠡ ᠪᠠᠷ ᠨᠡᠮᠡᠭᠳᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠶ | 401.74 ᠲᠦᠮᠡᠨ ᠮᠦ ᠳᠤ ᠬᠦᠷᠴᠦ᠂ ᠣᠨ ᠤ ᠬᠠᠷᠠᠯᠲᠠᠲᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ | ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠶ ᠨᠡᠶᠢᠲᠡ 4593.87 ᠲᠦᠮᠡᠨ ᠮᠦ ᠳᠤ ᠬᠦᠷᠴᠦ᠂ ᠶᠡᠷᠦᠩᠬᠡᠢ | ᠥᠭᠡᠷᠡᠴᠢᠯᠡᠯᠲᠡ ᠶᠢᠨ ᠡᠭᠦᠷᠭᠡ ᠶᠢᠨ 96.78% ᠶᠢ ᠪᠡᠶᠡᠯᠡᠭᠦᠯᠵᠡᠢ᠃ | 2023 ᠣᠨ ᠳᠤ᠂ ᠥᠪᠥᠷ ᠮᠣᠩᠭᠤᠯ ᠤᠰᠤᠨ ᠤ ᠦᠨ᠎ᠡ ᠶᠢᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠤᠭᠰᠠᠨ 73 ᠲᠣᠮᠣ ᠳᠤᠮᠳᠠ ᠬᠡᠯᠪᠡᠷᠢ ᠶᠢᠨ | ᠤᠰᠤᠯᠠᠯᠲᠠ ᠶᠢᠨ ᠣᠷᠣᠨ ᠳᠤ ᠰᠢᠨ᠎ᠡ ᠨᠢᠭᠡ ᠡᠭᠡᠯᠵᠢ ᠶᠢᠨ ᠦᠨ᠎ᠡ ᠲᠣᠭᠲᠠᠭᠠᠵᠤ ᠲᠣᠬᠢᠷᠠᠭᠤᠯᠬᠤ ᠶᠢ ᠪᠦᠬᠦᠨ ᠢ | ᠪᠡᠶᠡᠯᠡᠭᠦᠯᠵᠦ᠂ ᠦᠨ᠎ᠡ ᠶᠢ ᠵᠥᠪᠳᠡᠯᠴᠡᠨ ᠲᠣᠭᠲᠠᠭᠠᠭᠰᠠᠨ ᠬᠤᠳᠳᠤᠭ ᠤᠨ ᠤᠰᠤᠯᠠᠯᠲᠠ ᠶᠢᠨ ᠣᠷᠣᠨ ᠤ ᠲᠠᠯᠠᠪᠠᠶ | 2770 ᠲᠦᠮᠡᠨ ᠮᠦ ᠳᠤ ᠬᠥᠷᠪᠡ᠃ ᠱᠠᠩᠨᠠᠵᠤ ᠨᠥᠬᠦᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ | ᠂ ᠥᠭᠡᠷᠡᠴᠢᠯᠡᠯᠲᠡ ᠳᠤ ᠬᠤᠯᠪᠣᠭᠳᠠᠭᠰᠠᠨ 82 ᠬᠤᠰᠢᠭᠤ ᠰᠢᠶᠠᠨ ᠪᠥᠬᠦᠨ ᠢᠶᠠᠷ ᠢᠶᠠᠨ ᠱᠠᠩᠨᠠᠵᠤ ᠨᠥᠬᠦᠪᠦᠷᠢᠯᠡᠬᠦ ᠶᠢ | ᠬᠡᠷᠡᠭᠵᠢᠭᠦᠯᠬᠦ ᠨᠠᠷᠢᠨ ᠳᠦᠷᠢᠮ ᠢ ᠨᠡᠶᠢᠲᠡᠯᠡᠵᠦ᠂ ᠠᠵᠢᠯᠯᠠᠬᠤ ᠠᠷᠭ᠎ᠠ ᠮᠠᠶ᠋ᠢᠭ ᠢᠶᠠᠨ ᠤᠯᠠᠮ ᠳᠥᠭᠦᠮᠴᠢᠯᠡᠨ᠂ ᠱᠠᠩᠨᠠᠵᠤ | ᠨᠥᠬᠦᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 9411 ᠲᠦᠮᠡᠨ ᠲᠥᠭᠦᠷᠢᠭ ᠤᠨ ᠪᠡᠯᠡ ᠮᠥᠩᠭᠦ | ᠪᠠᠭᠤᠯᠭᠠᠵᠤ᠂ ᠭᠤᠣᠯᠳᠠᠭᠤ ᠨᠠᠷᠢᠯᠢᠭ ᠣᠨᠣᠴᠠᠲᠠᠢ ᠪᠠᠷ ᠨᠥᠬᠦᠪᠦᠷᠢ ᠥᠭᠬᠦ ᠪᠠ ᠤᠰᠤ ᠠᠷᠪᠢᠯᠠᠭᠰᠠᠨ ᠱᠠᠩᠨᠠᠯ ᠳᠤ | ᠬᠡᠷᠡᠭᠯᠡᠵᠦ᠂ ᠡᠯ᠎ᠡ ᠭᠠᠵᠠᠷ ᠣᠷᠣᠨ ᠨᠤᠭᠤᠳ ᠲᠤᠬᠠᠢ ᠶᠢᠨ ᠭᠠᠵᠠᠷ ᠤᠨ ᠪᠠᠶᠢᠳᠠᠯ ᠳᠤ ᠪᠠᠨ ᠲᠣᠬᠢᠷᠠᠭᠤᠯᠤᠨ᠂ 1.39 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠨᠠᠷᠢᠯᠢᠭ ᠣᠨᠣᠴᠠᠲᠠᠢ ᠪᠠᠷ ᠨᠥᠬᠦᠪᠦᠷᠢ ᠥᠭᠬᠦ ᠪᠠ | ᠤᠰᠤ ᠠᠷᠪᠢᠯᠠᠭᠰᠠᠨ ᠱᠠᠩᠨᠠᠯ ᠳᠤ ᠬᠡᠷᠡᠭᠯᠡᠪᠡ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢᠶᠠᠷ ᠭᠤᠣᠯᠳᠠᠯᠭ᠎ᠠ | ᠪᠣᠯᠭᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠷᠣᠳᠣᠬᠤᠢ ᠶᠢᠨ ᠤᠰᠤᠯᠠᠯᠲᠠ ᠶᠢᠨ | ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠶᠢ ᠱᠠᠩᠨᠠᠬᠤ ᠲᠥᠰᠥᠯ︾ ᠢ ᠰᠤᠳᠤᠯᠤᠨ ᠲᠣᠭᠲᠠᠭᠠᠵᠤ᠂ ︽ | ᠤᠷᠢᠳ ᠢᠶᠠᠷ ᠠᠷᠪᠢᠯᠠᠵᠤ ᠳᠠᠷᠠᠭ᠎ᠠ ᠨᠢ ᠨᠥᠬᠦᠪᠦᠷᠢᠯᠡᠬᠦ︾ ᠠᠷᠭ᠎ᠠ ᠪᠠᠷ ᠱᠠᠩᠨᠠᠨ᠎ᠠ᠃ | | |