ᠮᠠᠨ ᠤ ᠣᠷᠣᠨ ᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 15.8% ᠨᠡᠮᠡᠭᠳᠡᠪᠡ
ᠨᠡᠶᠢᠲᠡᠯᠡᠭᠰᠡᠨ ᠴᠠᠭ᠄
2024/3/19
    ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠄ ᠡᠨᠡ ᠵᠢᠯ ᠤᠨ 1 - 7 ᠳ᠋ᠤᠭᠠᠷ ᠰᠠᠷ᠎ᠠ ᠳᠤ᠂ ᠮᠠᠨ ᠤ ᠣᠷᠣᠨ ᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.8%᠎ ᠪᠠᠷ ᠨᠡᠮᠡᠭᠳᠡᠪᠡ᠃ ᠪᠦᠬᠦ ᠣᠷᠣᠨ ᠤ ᠪᠤᠰᠤᠳ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠪᠡ᠃

    ᠡᠭᠦᠨ ᠤ ᠬᠠᠮᠲᠤ᠂ ᠡᠨᠡ ᠵᠢᠯ ᠤᠨ 1 - 7 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ

41 ᠲᠣᠮᠣ ᠲᠥᠷᠥᠯ ᠤᠨ ᠠᠵᠢᠯ ᠲᠥᠷᠥᠯ ᠤᠨ ᠨᠡᠮᠡᠭᠳᠡᠯ ᠥᠷᠲᠡᠭ 56.1%᠎ ᠳᠤ ᠬᠦᠷᠴᠦ᠂ ᠡᠮ ᠡᠮᠨᠡᠯᠭᠡ ᠶᠢᠨ

ᠦᠢᠯᠡᠳᠬᠦ ᠦᠢᠯᠡᠰ᠂ ᠢᠳᠡᠭᠡᠨ ᠦᠢᠯᠡᠳᠬᠦ ᠦᠢᠯᠡᠰ᠂ ᠨᠠᠪᠴᠢᠨ ᠲᠠᠮᠠᠬᠢ ᠦᠢᠯᠡᠳᠬᠦ ᠦᠢᠯᠡᠰ᠂ ᠬᠠᠷ᠎ᠠ ᠲᠡᠮᠦᠷᠯᠢᠭ

ᠬᠠᠶᠢᠯᠤᠭᠤᠯᠬᠤ ᠪᠠ ᠳᠠᠷᠤᠵᠤ ᠰᠤᠨᠤᠭᠠᠨ ᠪᠣᠯᠪᠠᠰᠤᠷᠠᠭᠤᠯᠬᠤ ᠦᠢᠯᠡᠰ᠂ ᠲᠡᠮᠦᠷᠯᠢᠭ ᠪᠤᠰᠤ ᠡᠷᠦᠳᠡᠰᠦ

ᠪᠣᠯᠪᠠᠰᠤᠷᠠᠭᠤᠯᠬᠤ ᠦᠢᠯᠡᠰ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠰᠤᠨᠤᠭᠠᠨ ᠪᠣᠯᠪᠠᠰᠤᠷᠠᠭᠤᠯᠬᠤ

ᠦᠢᠯᠡᠰ᠂ ᠴᠠᠬᠢᠯᠭᠠᠨ ᠬᠦᠴᠦᠨ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ

ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.0%᠂ 9.2%᠂ 50.3%᠂ 10.

0%᠂ 23.6%᠂ 9.8%᠂ 2.1% ᠨᠡᠮᠡᠭᠳᠡᠪᠡ᠃ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ

ᠦᠷᠳᠡᠭ 5.0% ᠨᠡᠮᠡᠭᠳᠡᠵᠦ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ 40.1% ᠨᠡᠮᠡᠭᠳᠡᠪᠡ᠃

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠤᠨ ᠦᠢᠯᠡᠳᠬᠦᠨ ᠤ ᠭᠠᠷᠤᠯᠲᠠ ᠶᠢᠨ

ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠵᠤ᠂ ᠳᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ

ᠬᠤᠭᠤᠴᠠᠭᠠᠨ ᠤ ᠬᠢ ᠠᠴᠠ 57.8% ᠨᠡᠮᠡᠭᠳᠡᠵᠦ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ ᠠᠳᠠᠯᠢ

ᠬᠤᠭᠤᠴᠠᠭᠠᠨ ᠤ  ᠬᠢ ᠠᠴᠠ 23.5% ᠨᠡᠮᠡᠭᠳᠡᠨ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠡᠳ᠋ ᠤᠨ

ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 16.3% ᠨᠡᠮᠡᠭᠳᠡᠵᠦ᠂ ᠣᠶᠤᠨᠲᠤ ᠲᠧᠯᠸᠢᠰ ᠤᠨ

ᠭᠠᠷᠤᠯᠲᠠ ᠠᠳᠠᠯᠢ ᠬᠤᠭᠤᠴᠠᠭᠠᠨ ᠤ  ᠬᠢ ᠠᠴᠠ 4.3% ᠨᠡᠮᠡᠭᠳᠡᠪᠡ᠃ ᠦᠢᠯᠡᠳᠪᠦᠷᠢᠯᠡᠯ ᠪᠣᠷᠤᠯᠠᠭᠤᠯᠭ᠎ᠠ ᠶᠢ

ᠵᠣᠯᠭᠠᠭᠤᠯᠤᠭᠰᠠᠨ ᠪᠠᠶᠢᠳᠠᠯ ᠨᠡᠯᠢᠶᠡᠳ ᠰᠠᠶᠢᠨ ᠪᠠᠶᠢᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ

ᠦᠢᠯᠡᠳᠪᠦᠷᠢ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 99.8%᠎ ᠳᠤ ᠬᠦᠷᠪᠡ᠃

 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号