ᠬᠡᠦᠬᠡᠳ ᠨᠢᠳᠦ ᠪᠠᠷ ᠢᠶᠠᠨ ᠭᠡᠷ ᠪᠦᠯᠢ ᠶᠢᠨ ᠬᠦᠴᠦᠷᠬᠡᠭᠯᠡᠯ ᠢ ᠦᠵᠡᠬᠦ ᠨᠢ ᠪᠠᠰᠠ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠢ ᠠᠮᠰᠠᠵᠤ ᠪᠠᠶᠢᠭ᠎ᠠ ᠶᠠᠪᠤᠳᠠᠯ ᠮᠥᠨ︕
ᠨᠡᠶᠢᠲᠡᠯᠡᠭᠰᠡᠨ ᠴᠠᠭ᠄
2024/3/19
   ᠨᠠᠰᠤᠨ ᠳᠤ ᠤᠶᠯᠦ ᠬᠦᠷᠦᠭᠰᠡᠦᠠ ᠢ ᠬᠠᠮᠠᠭᠠᠯᠠᠬᠤ ᠬᠠᠤᠯᠢ ᠶᠢᠨ ᠬᠤᠷᠢᠨ ᠳᠥᠷᠪᠡᠳᠦᠭᠡᠷ ᠵᠦᠢᠯ ᠳᠤ᠂ ᠨᠠᠰᠤᠨ ᠳᠤ ᠤᠶᠯᠦ ᠬᠦᠷᠦᠭᠰᠡᠦᠠ ᠢ ᠪᠤᠯᠢᠶᠠᠯᠴᠠᠬᠤ ᠪᠤᠶᠤ ᠨᠢᠭᠤᠨ ᠳᠠᠯᠳᠠᠯᠠᠬᠤ ᠵᠡᠷᠭᠡ ᠠᠷᠭ᠎ᠠ ᠮᠠᠶ᠋ᠢᠭ ᠢᠶᠠᠷ ᠠᠰᠠᠷᠠᠨ ᠲᠡᠵᠢᠭᠡᠬᠦ ᠡᠷᠬᠡ ᠶᠢ ᠪᠤᠯᠢᠶᠠᠯᠳᠤᠵᠤ ᠪᠣᠯᠬᠤ ᠤᠶᠢᠭᠡᠢ᠃ ᠨᠠᠰᠤᠨ ᠳᠤ ᠬᠦᠷᠦᠭᠡᠳᠦᠢ ᠦᠷ᠎ᠡ ᠬᠡᠦᠬᠡᠳ ᠢᠶᠠᠨ ᠪᠤᠯᠢᠶᠠᠯᠴᠠᠬᠤ᠂ ᠨᠢᠭᠤᠨ ᠳᠠᠯᠳᠠᠯᠠᠬᠤ ᠠᠵᠢᠯᠯᠠᠭ᠎ᠠ ᠨᠢ ᠡᠴᠢᠭᠡ ᠡᠬᠡ ᠶᠢᠨ ᠬᠢᠨᠢ ᠨᠦᠬᠦᠭᠡ ᠡᠲᠡᠭᠡᠳ ᠤᠨ ᠦᠷ᠎ᠡ ᠬᠡᠦᠬᠡᠳ ᠢᠶᠠᠨ ᠬᠠᠤᠯᠢ ᠶᠣᠰᠣᠭᠠᠷ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ᠂ ᠬᠠᠮᠠᠭᠠᠯᠠᠬᠤ ᠡᠷᠬᠡ ᠶᠢ ᠬᠤᠬᠢᠷᠠᠭᠤᠯᠬᠤ ᠪᠠᠷ ᠪᠠᠷᠠᠬᠤ ᠤᠶᠢᠭᠡᠢ᠂ ᠪᠠᠰᠠ ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠡᠳᠦ ᠶᠢ ᠬᠦᠨᠳᠦ ᠬᠡᠴᠡᠭᠦᠦ ᠬᠤᠬᠢᠷᠠᠭᠤᠯᠬᠤ ᠪᠣᠯᠬᠤᠷ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃

   ᠨᠠᠰᠤᠨ ᠳᠤ ᠥᠯᠥ ᠭᠦᠷᠦᠭᠰᠡᠳ ᠭᠡᠷ ᠪᠦᠯᠢ ᠶᠢᠨ ᠬᠦᠴᠦᠷᠬᠡᠭᠯᠡᠯ ᠢᠯᠠᠩᠭᠤᠶ᠎ᠠ ᠪᠡᠶ᠎ᠡ ᠮᠠᠬᠠᠪᠤᠳ ᠤᠨ

ᠬᠦᠴᠦᠷᠬᠡᠭᠯᠡᠯ ᠢ ᠨᠢᠳᠦ ᠪᠠᠷ ᠢᠶᠠᠨ ᠦᠵᠡᠪᠡᠯ᠂ ᠲᠡᠭᠦᠨ ᠤ ᠰᠡᠳᠬᠢᠴᠡ ᠳᠤ ᠯᠤᠲᠤ ᠶᠡᠭᠡ ᠳᠠᠭᠠᠷᠢᠯᠲᠠ

ᠤᠴᠠᠷᠠᠭᠤᠯᠬᠤ ᠪᠠᠷ ᠪᠠᠷᠠᠬᠤ ᠦᠭᠡᠢ᠂ ᠪᠠᠰᠠ ᠪᠤᠰᠤᠳ ᠤᠨ ᠠᠭᠤᠷ ᠬᠢᠯᠢᠩ ᠢᠶᠠᠨ ᠭᠠᠷᠭᠠᠬᠤ᠂ ᠬᠠᠷᠢᠶᠠᠯᠴᠠᠵᠤ

ᠵᠣᠳᠣᠯᠴᠠᠬᠤ ᠵᠡᠷᠭᠡ ᠰᠢᠯᠲᠠᠭᠠᠨ ᠠᠴᠠ ᠪᠣᠯᠵᠤ ᠪᠡᠶ᠎ᠡ ᠰᠡᠳᠬᠢᠯ ᠳᠤᠨᠢ ᠰᠢᠷᠬ᠎ᠠ ᠰᠣᠷᠪᠢ ᠰᠠᠭᠤᠯᠭᠠᠵᠤ ᠮᠡᠳᠡᠨ᠎ᠡ᠂

ᠦᠷᠬᠦᠯᠵᠢ ᠡᠶᠢᠮᠦ ᠣᠷᠴᠢᠨ ᠳᠤ ᠪᠠᠶᠢᠭᠠᠳ ᠪᠠᠶᠢᠪᠠᠯ ᠴᠢᠨᠠᠭᠰᠢᠯᠠᠨ ︽ᠬᠦᠴᠦᠷᠬᠡᠭᠯᠡᠯ ᠢᠶᠠᠷ ᠠᠯᠢᠪᠠ ᠶᠢ ᠰᠢᠢᠳᠪᠦᠷᠢᠯᠡᠬᠦ

︾ ᠪᠤᠷᠤᠭᠤ ᠦᠵᠡᠯᠲᠡ ᠲᠠᠢ ᠪᠣᠯᠵᠤ᠂ ᠲᠡᠭᠦᠨ ᠤ ᠦᠰᠦᠨ ᠪᠤᠶᠢᠵᠢᠯᠲᠠ ᠳᠤ ᠣᠮᠲᠣᠭᠠᠶᠢᠯᠠᠵᠤ ᠪᠣᠯᠣᠰᠢ ᠦᠭᠡᠢ

ᠨᠠᠵᠠᠭᠠᠢ ᠨᠥᠯᠥᠭᠡ ᠦᠵᠡᠭᠦᠯᠵᠦ ᠮᠡᠳᠡᠨ᠎ᠡ᠃

  ᠡᠴᠢᠭᠡ ᠡᠬᠡ ᠪᠣᠯ ᠬᠡᠦᠬᠡᠳ ᠤᠨ ᠠᠩᠬᠠᠨ ᠤ ᠪᠠᠭᠰᠢ ᠮᠥᠨ᠂ ᠬᠡᠦᠬᠡᠳ ᠢ ᠬᠥᠲᠥᠯᠥᠨ ᠵᠢᠯᠤᠭᠤᠳᠴᠤ ᠪᠠᠶᠢᠠᠭᠳ

ᠮᠡᠳᠡᠯᠭᠡ ᠡᠵᠡᠮᠰᠢᠭᠦᠯᠵᠦ ᠡᠷᠳᠡᠮ ᠴᠢᠳᠠᠪᠤᠷᠢ ᠶᠢ ᠨᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠨᠠᠩ ᠴᠤ ᠬᠡᠦᠬᠡᠳ ᠢ

ᠬᠠᠪᠰᠤᠷᠤᠨ ᠰᠠᠶᠢᠨ ᠰᠠᠶᠢᠬᠠᠨ ᠵᠠᠩ ᠮᠣᠷᠠᠯ ᠪᠠ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠬᠤ ᠬᠡᠷᠡᠭᠲᠡᠢ᠃

ᠭᠡᠪᠡᠴᠦ ᠪᠣᠳᠠᠲᠤ ᠠᠮᠢᠳᠤᠷᠠᠯ ᠳᠤᠮᠳᠠ᠂ ᠵᠠᠷᠢᠮ ᠡᠴᠢᠭᠡ ᠡᠬᠡ ᠨᠢ ᠰᠤᠷᠤᠯᠭ᠎ᠠ ᠶᠢᠨ ᠬᠢᠷᠢ ᠪᠦᠲᠦᠮᠵᠢ ᠪᠠᠷ ᠴᠣᠷ ᠤᠨ

ᠭᠠᠭᠴᠠ ᠵᠣᠷᠢᠯᠭ᠎ᠠ ᠪᠣᠯᠭᠠᠵᠤ᠂ ᠬᠡᠦᠬᠡᠳ ᠤᠨ ᠡᠷᠡᠭᠦᠯ ᠴᠢᠭᠢᠷᠠᠭ ᠪᠡᠶ᠎ᠡ ᠮᠠᠬᠠᠪᠤᠳ ᠤᠨ ᠰᠡᠳᠬᠢᠴᠡ ᠶᠢᠨ

ᠪᠤᠶᠢᠵᠢᠯᠲᠠ ᠶᠢᠨ ᠵᠢᠮ᠎ᠡ ᠶᠣᠰᠣ ᠶᠢ ᠣᠮᠲᠣᠭᠠᠶᠢᠯᠠᠳᠠᠭ︔ ᠵᠠᠷᠢᠮ ᠡᠴᠢᠭᠡ ᠡᠬᠡ ᠨᠢ ︽ᠬᠠᠶᠢᠷ᠎ᠠ ᠶᠢᠨ ᠭᠦᠨ ᠤᠳᠬ᠎ᠠ

ᠠᠭᠤᠯᠭ᠎ᠠ᠂ ᠬᠠᠷᠢᠭᠤᠴᠠᠯᠭ᠎ᠠ ᠶᠢᠨ ᠲᠤᠯᠭᠠᠮ᠎ᠠ ᠱᠠᠭᠠᠷᠳᠠᠯᠭ᠎ᠠ︾ ᠶᠢ ᠥᠷᠥᠭᠡᠰᠦᠭᠡᠯ ᠢᠶᠠᠷ ᠣᠶᠢᠯᠠᠭᠠᠵᠤ᠂

ᠬᠠᠯᠲᠤᠰᠬᠢᠪᠡᠯ ᠵᠣᠳᠣᠵᠤ ᠬᠠᠷᠢᠶᠠᠬᠤ ᠬᠡᠯᠪᠡᠷᠢ ᠪᠠᠷ ᠬᠡᠦᠬᠡᠳ ᠢ ᠬᠠᠮᠢᠶᠠᠷᠴᠤ ᠰᠤᠷᠭᠠᠳᠠᠭ︔ ᠵᠠᠷᠢᠮ ᠡᠴᠢᠭᠡ ᠡᠬᠡ ᠨᠢ

ᠬᠡᠦᠬᠡᠳ ᠤᠨ ᠢᠶᠠᠨ ᠦᠨᠡᠨ ᠪᠣᠳᠠᠲᠠᠢ ᠬᠦᠰᠡᠯ ᠰᠠᠨᠠᠭ᠎ᠠ ᠶᠢ ᠪᠣᠳᠣᠯᠬᠢᠯᠠᠬᠤ ᠦᠭᠡᠢ ᠪᠠᠷ ᠥᠪᠡᠷ ᠤᠨ ᠰᠤᠷᠭᠠᠨ

ᠬᠥᠮᠥᠵᠢᠭᠦᠯᠬᠦ ᠣᠶᠢᠯᠠᠭᠠᠭᠳᠠᠬᠤᠨ ᠪᠠ ᠰᠤᠷᠭᠠᠨ ᠬᠥᠮᠥᠵᠢᠭᠦᠯᠬᠦ ᠠᠷᠭ᠎ᠠ ᠮᠠᠶ᠋ᠢᠭ ᠢᠶᠠᠨ ᠠᠯᠪᠠ ᠪᠠᠷ ᠬᠡᠷᠡᠭᠵᠢᠭᠦᠯᠵᠦ

ᠪᠠᠶᠢᠳᠠᠭ︔ ᠪᠠᠰᠠ ᠵᠠᠷᠢᠮ ᠡᠴᠢᠭᠡ ᠡᠬᠡ ᠨᠢ ᠠᠵᠢᠯ ᠠᠮᠢᠳᠤᠷᠠᠯ ᠤᠨ ᠳᠤᠮᠳᠠ ᠬᠤᠷᠠᠮᠳᠤᠭᠰᠠᠨ ᠳᠠᠷᠤᠯᠲᠠ ᠪᠠ

ᠨᠠᠵᠠᠭᠠᠢ ᠰᠡᠳᠬᠢᠯᠭᠡ ᠪᠠᠨ ᠥᠪᠡᠷ ᠤᠨ ᠡᠷᠬᠡ ᠦᠭᠡᠢ ᠬᠡᠦᠬᠡᠳ ᠤᠨ ᠢᠶᠠᠨ ᠪᠡᠶ᠎ᠡ ᠳᠡᠭᠡᠷ᠎ᠡ ᠭᠠᠷᠭᠠᠳᠠᠭ᠃ ᠡᠲᠡᠭᠡᠷ ᠪᠡᠶ᠎ᠡ

ᠮᠠᠬᠠᠪᠤᠳ ᠣᠶᠤᠨ ᠰᠠᠨᠠᠭᠠᠨ ᠤ ᠬᠠᠯᠳᠠᠯᠭ᠎ᠠ ᠶᠢᠨ ᠠᠵᠢᠯᠯᠠᠭ᠎ᠠ ᠨᠢ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ

ᠦᠰᠦᠨ ᠪᠤᠶᠢᠵᠢᠬᠤ ᠶᠢ ᠬᠦᠨᠳᠦ ᠬᠡᠴᠡᠭᠦᠦ ᠨᠥᠯᠥᠭᠡᠯᠡᠵᠦ ᠪᠠᠶᠢᠨ᠎ᠠ᠃

 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号