ᠤᠤᠭᠤᠵᠤ ᠪᠣᠯᠬᠤ ᠦᠭᠡᠢ︕ ᠠᠮᠠᠷᠬᠠᠨ ᠠᠳᠡᠭᠦᠷᠡᠵᠦ ᠮᠠᠭᠠᠳ ᠦᠭᠡᠢ︕ ᠭᠡᠷ ᠤᠨ ᠠᠬᠠᠮᠠᠳ ᠨᠠᠷ ᠡᠶᠢᠮᠦ ᠲᠣᠭᠯᠠᠭᠠᠮ ᠭᠡᠷ ᠲᠤ ᠴᠢᠨᠢ ᠪᠠᠶᠢᠬᠤ ᠡᠰᠡᠬᠦ ᠶᠢ ᠬᠤᠷᠳᠤᠨ ᠪᠠᠶᠢᠴᠠᠭᠠᠵᠤ ᠦᠵᠡᠭᠡᠷᠡᠢ
ᠨᠡᠶᠢᠲᠡᠯᠡᠭᠰᠡᠨ ᠴᠠᠭ᠄
2024/3/19
    ᠣᠷᠴᠢᠮ ᠤᠨ ᠬᠤᠭᠤᠴᠠᠭᠠᠨ ᠳᠤ᠂ ᠵᠠᠬ᠎ᠠ ᠳᠡᠯᠭᠡᠭᠦᠷ ᠳᠡᠭᠡᠷ᠎ᠡ ᠨᠢᠭᠡ ᠵᠦᠢᠯ ᠤᠨ ︽ᠬᠠᠭᠤᠷᠮᠠᠭ ᠤᠰᠤ︾ ᠭᠡᠳᠡᠭ ᠲᠣᠭᠯᠠᠭᠠᠮ ᠭᠠᠷᠴᠤ ᠢᠷᠡᠪᠡ᠃ ᠭᠠᠳᠠᠷ ᠬᠡᠯᠪᠡᠷᠢ ᠨᠢ ᠵᠢᠵᠢᠭᠬᠡᠨ ᠯᠣᠩᠬᠤ ᠲᠠᠢ ᠤᠮᠳᠠᠭᠠᠨ ᠰᠢᠭ᠋ ᠬᠠᠷᠠᠭᠳᠠᠨ᠎ᠠ᠂ ᠡᠭᠦᠨ ᠢ ᠤᠤᠭᠤᠵᠤ ᠪᠣᠯᠬᠤ ᠦᠭᠡᠢ︕ ᠠᠶᠤᠯ ᠲᠠᠢ︕ ︽ᠡᠨᠡ ᠲᠣᠭᠯᠠᠭᠠᠮ ᠳᠡᠭᠡᠷ᠎ᠡ ᠬᠡᠳᠦ᠋ᠢᠪᠡᠷ ᠭᠤᠣᠯ ᠪᠦᠷᠢᠯᠳᠦᠭᠦᠨ ᠨᠢ ᠤᠰᠤ ᠪᠠᠷ ᠭᠤᠣᠯᠯᠠᠵᠤ᠂ ᠮᠧᠲ᠋ᠢᠯ ᠪᠥᠭᠡᠭᠡᠨᠡᠷᠡᠯ ᠡᠲ᠋ᠧᠨ ᠠᠯᠺᠣᠣᠯ ︵PVA︶᠂ ᠥᠩᠭᠡᠯᠡᠭᠴᠢ ᠵᠡᠷᠭᠡ ᠪᠠᠶᠢᠨ᠎ᠠ ᠭᠡᠰᠡᠨ ᠲᠠᠶᠢᠯᠪᠤᠷᠢ ᠬᠠᠳᠠᠵᠤ ᠪᠠᠶᠢᠪᠠᠴᠤ ᠡᠭᠦᠨ ᠠᠴᠠ ᠡᠮᠦᠨ᠎ᠡ ᠰᠢᠯᠭᠠᠨ ᠪᠠᠶᠢᠴᠠᠭᠠᠯᠲᠠ ᠬᠢᠭᠰᠡᠨ ᠳᠤ ᠬᠠᠭᠤᠷᠮᠠᠭ ᠤᠰᠤᠨ ᠤ ᠲᠣᠭᠯᠠᠭᠠᠮ ᠳᠤ ᠪᠤᠷ ᠡᠯᠧᠮᠧᠨ᠋ᠲ ᠤᠨ ᠠᠭᠤᠯᠤᠭᠳᠠᠴᠠ ᠨᠡᠯᠢᠶᠡᠳ ᠥᠨᠳᠥᠷ ᠠᠭᠤᠯᠤᠭᠳᠠᠵᠤ᠂ ᠵᠠᠷᠢᠮ ᠳᠤᠨᠢ ᠪᠠᠰᠠ ᠣᠨᠳᠣᠣ ᠲᠢᠶᠠᠽᠤᠯᠢᠨ ᠺᠧᠲ᠋ᠤᠨ ᠤ ᠲᠦᠷᠦᠯ ᠤᠨ ᠢᠯᠵᠢᠷᠡᠬᠦ ᠶᠢ ᠰᠡᠷᠭᠡᠶᠢᠯᠡᠬᠦ ᠡᠳ᠋ ᠠᠭᠤᠯᠤᠭᠳᠠᠵᠤ ᠪᠠᠶᠢᠪᠠ᠂ ᠡᠭᠦᠨ ᠢ ᠠᠳᠡᠭᠦᠷᠡᠨ ᠤᠤᠭᠤᠬᠤ ᠦᠭᠡᠢ ᠴᠦ ᠭᠡᠰᠡᠨ ᠬᠡᠦᠬᠡᠳ ᠤᠨ ᠡᠷᠡᠭᠦᠯ ᠮᠡᠨᠳᠦ ᠳᠤ ᠨᠡᠯᠢᠶᠡᠳ ᠶᠡᠭᠡ ᠠᠶᠤᠯ ᠲᠠᠢ ᠪᠠᠶᠢᠳᠠᠭ᠃

   ᠡᠭᠦᠨ ᠠᠴᠠ ᠡᠮᠦᠨ᠎ᠡ᠂ ᠰᠤᠷᠪᠤᠯᠵᠢᠯᠠᠭᠴᠢ 9 ᠵᠦᠢᠯ ᠤᠨ 14 ᠪᠦᠯᠦᠭ ᠤᠳᠠᠭ᠎ᠠ ᠶᠢᠨ ︽ᠬᠠᠭᠤᠷᠮᠠᠭ ᠤᠰᠤ︾

 ᠶᠢᠨ ᠥᠯᠢᠭᠡᠷ ᠡᠳ᠋ ᠢ ᠬᠤᠳᠠᠯᠳᠤᠨ ᠠᠪᠴᠤ᠂ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠦᠷᠭᠡᠵᠦ ᠬᠢᠮᠢ ᠶᠢᠨ

ᠰᠢᠯᠭᠠᠨ ᠪᠠᠶᠢᠴᠠᠭᠠᠯᠲᠠ ᠬᠢᠯᠭᠡᠭᠰᠡᠨ ᠳᠤ᠂ ᠥᠯᠢᠭᠡᠷ ᠡᠳ᠋ ᠢ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠠᠴᠠ

ᠦᠵᠡᠪᠡᠯ᠂ ᠡᠨᠡ 14 ᠪᠦᠯᠦᠭ ᠤᠳᠠᠭ᠎ᠠ ᠶᠢᠨ ︽ᠬᠠᠭᠤᠷᠮᠠᠭ ᠤᠰᠤ︾ ᠶᠢᠨ ᠦᠯᠢᠭᠡᠷ ᠡᠳ᠋ ᠲᠤ ᠡᠸᠦ᠋ᠷᠦᠫᠡ ᠶᠢᠨ

ᠬᠤᠯᠪᠣᠭᠠᠨ ᠤ ᠲᠣᠭᠯᠠᠭᠠᠮ ᠤᠨ ᠠᠮᠤᠷ ᠲᠦᠪᠰᠢᠨ ᠤ ᠬᠢᠵᠠᠭᠠᠷ ᠬᠡᠮᠵᠢᠭᠳᠡᠯ ᠠᠴᠠ ᠳᠠᠪᠠᠭᠰᠠᠨ ᠪᠤᠷ ᠡᠯᠧᠮᠧᠨ᠋ᠲ

ᠠᠭᠤᠯᠤᠭᠳᠠᠵᠤ᠂ ᠬᠠᠮᠤᠭ ᠠᠷᠪᠢᠨ ᠨᠢ ᠪᠠᠷᠤᠭ ᠪᠠᠷᠢᠮᠵᠢᠶ᠎ᠠ ᠠᠴᠠ 6 ᠳᠠᠬᠢᠨ ᠢᠯᠡᠭᠦᠦ ᠬᠡᠲᠦᠷᠡᠵᠡᠢ᠃ ᠰᠢᠯᠭᠠᠨ

ᠪᠠᠶᠢᠴᠠᠭᠠᠯᠲᠠ ᠬᠢᠭᠰᠡᠨ ᠢᠨᠵᠧᠨᠧᠷ ᠰᠤᠷᠪᠤᠯᠵᠢᠯᠠᠭᠴᠢ ᠳᠤ ᠬᠡᠯᠡᠬᠦ ᠳᠡᠭᠡᠨ᠄ ᠳᠤᠮᠳᠠᠳᠤ ᠪᠠᠭ᠎ᠠ ᠰᠤᠷᠭᠠᠭᠤᠯᠢ ᠶᠢᠨ

ᠰᠣᠷᠣᠭᠴᠢ ᠪᠤᠶᠤ ᠬᠡᠦᠬᠡᠳ ︽ᠬᠠᠭᠤᠷᠮᠠᠭ ᠤᠰᠤ︾ ᠨᠠᠭᠠᠳᠬᠤ ᠶᠠᠪᠤᠴᠠ ᠳᠤ᠂ ᠬᠡᠭᠵᠢᠷᠡᠵᠦ ᠰᠢᠯᠪᠠᠷᠠᠬᠰᠠᠨ ᠠᠷᠠᠰᠤ

ᠮᠢᠬ᠎ᠠ ᠵᠢᠴᠢ ᠠᠮᠠ ᠬᠠᠮᠠᠷ ᠲᠠᠭᠠᠨ ᠬᠢᠴᠢᠶᠡᠮᠵᠢ ᠦᠭᠡᠢ ᠪᠠᠷ ᠰᠢᠭᠤᠳ ᠪᠤᠶᠤ ᠳᠠᠮ ᠢᠶᠠᠷ ᠬᠦᠷᠦᠯᠴᠡᠭᠦᠯᠬᠦ ᠳᠤ ᠬᠦᠷᠪᠡᠯ

ᠦᠯᠡᠮᠵᠢ ᠠᠷᠪᠢᠨ ᠪᠤᠷ ᠨᠢ ᠬᠥᠮᠥᠨ ᠤ ᠪᠡᠶ᠎ᠡ ᠳᠤ ᠣᠷᠣᠵᠤ᠂ ᠤᠳᠠᠭᠠᠨ ᠳᠠᠭᠠᠨ ᠲᠠᠰᠤᠷᠠᠯᠲᠠ ᠦᠭᠡᠢ

ᠬᠤᠷᠠᠮᠳᠤᠭᠰᠠᠭᠠᠷ ᠪᠠᠶᠢᠵᠤ᠂ ᠡᠷᠡᠭᠦᠯ ᠮᠡᠨᠳᠦ ᠶᠢᠨ ᠳᠠᠯᠳᠠ ᠬᠡᠮ ᠢ ᠪᠤᠢ ᠪᠣᠯᠭᠠᠳᠠᠭ ᠭᠡᠪᠡ᠃

 
ᠢᠷᠡᠯᠲᠡ᠄ ᠬᠦᠯᠦᠨ ᠪᠦᠢᠷ ᠬᠤᠲᠠ ᠶᠢᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号