ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ | ᠦᠨᠳᠦᠰᠦᠯᠡᠪᠡᠯ᠄ ᠡᠨᠡ ᠵᠢᠯ ᠤᠨ 1 - 7 ᠳ᠋ᠤᠭᠠᠷ ᠰᠠᠷ᠎ᠠ ᠳᠤ᠂ ᠮᠠᠨ ᠤ ᠣᠷᠣᠨ ᠤ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.8% ᠪᠠᠷ ᠨᠡᠮᠡᠭᠳᠡᠪᠡ᠃ ᠪᠦᠬᠦ | ᠣᠷᠣᠨ ᠤ ᠪᠤᠰᠤᠳ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ | ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 3.8% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 11.5% ᠨᠡᠮᠡᠭᠳᠡᠪᠡ᠃ | ᠡᠭᠦᠨ ᠤ ᠬᠠᠮᠲᠤ᠂ ᠡᠨᠡ ᠵᠢᠯ ᠤᠨ 1 - 7 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ | 41 ᠲᠣᠮᠣ ᠲᠥᠷᠥᠯ ᠤᠨ ᠠᠵᠢᠯ ᠲᠥᠷᠥᠯ ᠤᠨ ᠨᠡᠮᠡᠭᠳᠡᠯ ᠥᠷᠲᠡᠭ 56.1% ᠳᠤ ᠬᠦᠷᠴᠦ᠂ ᠡᠮ ᠡᠮᠨᠡᠯᠭᠡ ᠶᠢᠨ | ᠦᠢᠯᠡᠳᠬᠦ ᠦᠢᠯᠡᠰ᠂ ᠢᠳᠡᠭᠡᠨ ᠦᠢᠯᠡᠳᠬᠦ ᠦᠢᠯᠡᠰ᠂ ᠨᠠᠪᠴᠢᠨ ᠲᠠᠮᠠᠬᠢ ᠦᠢᠯᠡᠳᠬᠦ ᠦᠢᠯᠡᠰ᠂ ᠬᠠᠷ᠎ᠠ ᠲᠡᠮᠦᠷᠯᠢᠭ | ᠬᠠᠶᠢᠯᠤᠭᠤᠯᠬᠤ ᠪᠠ ᠳᠠᠷᠤᠵᠤ ᠰᠤᠨᠤᠭᠠᠨ ᠪᠣᠯᠪᠠᠰᠤᠷᠠᠭᠤᠯᠬᠤ ᠦᠢᠯᠡᠰ᠂ ᠲᠡᠮᠦᠷᠯᠢᠭ ᠪᠤᠰᠤ ᠡᠷᠦᠳᠡᠰᠦ | ᠪᠣᠯᠪᠠᠰᠤᠷᠠᠭᠤᠯᠬᠤ ᠦᠢᠯᠡᠰ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠰᠤᠨᠤᠭᠠᠨ ᠪᠣᠯᠪᠠᠰᠤᠷᠠᠭᠤᠯᠬᠤ | ᠦᠢᠯᠡᠰ᠂ ᠴᠠᠬᠢᠯᠭᠠᠨ ᠬᠦᠴᠦᠨ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.0%᠂ 9.2%᠂ 50.3%᠂ 10. | 0%᠂ 23.6%᠂ 9.8%᠂ 2.1% ᠨᠡᠮᠡᠭᠳᠡᠪᠡ᠃ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ | ᠦᠷᠳᠡᠭ 5.0% ᠨᠡᠮᠡᠭᠳᠡᠵᠦ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ 40.1% ᠨᠡᠮᠡᠭᠳᠡᠪᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠤᠨ ᠦᠢᠯᠡᠳᠬᠦᠨ ᠤ ᠭᠠᠷᠤᠯᠲᠠ ᠶᠢᠨ | ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠵᠤ᠂ ᠳᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 57.8% ᠨᠡᠮᠡᠭᠳᠡᠵᠦ᠂ ᠣᠯᠠᠨ ᠲᠠᠯᠠᠰᠲᠤ ᠴᠠᠬᠢᠭᠤᠷ ᠤᠨ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 23.5% ᠨᠡᠮᠡᠭᠳᠡᠨ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢ ᠡᠳ᠋ ᠤᠨ | ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 16.3% ᠨᠡᠮᠡᠭᠳᠡᠵᠦ᠂ ᠣᠶᠤᠨᠲᠤ ᠲᠧᠯᠸᠢᠰ ᠤᠨ | ᠭᠠᠷᠤᠯᠲᠠ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠪᠡ᠃ ᠦᠢᠯᠡᠳᠪᠦᠷᠢᠯᠡᠯ ᠪᠣᠷᠤᠯᠠᠭᠤᠯᠭ᠎ᠠ ᠶᠢ | ᠵᠣᠯᠭᠠᠭᠤᠯᠤᠭᠰᠠᠨ ᠪᠠᠶᠢᠳᠠᠯ ᠨᠡᠯᠢᠶᠡᠳ ᠰᠠᠶᠢᠨ ᠪᠠᠶᠢᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 99.8% ᠳᠤ ᠬᠦᠷᠪᠡ᠃ | | |