ᠤᠯᠠᠭᠠᠢ ᠬᠠᠮᠢᠶᠠᠷᠤᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ 2024 ᠣᠨ ᠤ 4 ᠳ᠋ᠤᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/21
   2 ᠰᠠᠷ᠎ᠠ ᠶᠢᠨ 23 ᠤ ᠡᠳᠤᠷ᠂ ᠣᠯᠠᠭᠠᠢ ᠬᠠᠮᠢᠶᠠᠷᠣᠯᠳᠠ ᠶᠢᠨ ᠣᠷᠣᠨ ᠬᠠᠮᠢᠶᠠᠷᠣᠯᠳᠠ ᠶᠢᠨ ᠵᠦᠪᠯᠡᠯ ᠤᠨ 2024 ᠣᠨ ᠤ 4 ᠳ᠋ᠤᠭᠡᠷ ᠣᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 2 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠣᠵᠦ᠂ ᠲᠦᠪ ᠤᠨ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠦᠪᠯᠡᠯ ᠤᠨ ᠲᠦᠷᠪᠡᠳᠦᠭᠡᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠪᠠ ᠦᠪᠡᠷᠳᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠦᠪᠯᠡᠷᠡᠬᠦᠯᠦᠨ ᠰᠣᠷᠣᠯᠴᠠᠵᠦ᠂ ︽ᠣᠯᠠᠭᠠᠢ ᠬᠠᠮᠢᠶᠠᠷᠣᠯᠳᠠ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ ᠤᠨ ᠠᠵᠢᠯ ᠤᠨ ᠲᠦᠷᠢᠮ︾᠂ ︽ᠣᠯᠠᠭᠠᠢ ᠬᠠᠮᠢᠶᠠᠷᠣᠯᠳᠠ ᠶᠢᠨ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠴᠠᠰᠣᠨ ᠤ ᠲᠦᠭᠵᠢᠷᠡᠯ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ︾ ᠢ ᠰᠣᠳᠣᠯᠣᠨ ᠬᠢᠨᠠᠨ ᠵᠦᠪᠯᠡᠵᠡᠢ᠃ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠴᠠᠩ ᠱᠧᠩ ᠬᠤᠷᠠᠯ ᠢ ᠡᠷᠬᠢᠯᠡᠵᠦ᠂ ᠬᠠᠮᠢᠶᠠᠷᠤᠯᠲᠠ ᠶᠢᠨ ᠵᠥᠪᠯᠡᠯ ᠤᠨ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠭᠡᠢ ᠱᠦᠵᠢ ᠶᠢᠨ ᠲᠦᠪ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠵᠦᠪᠯᠡᠯ ᠤᠨ ᠲᠦᠷᠪᠡᠳᠦᠭᠡᠷ ᠤᠳᠠᠭᠠᠨ ᠤ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠲᠣᠣᠱᠯᠠᠭᠤᠯᠵᠦ᠂ ᠭᠠᠵᠠᠷ ᠰᠢᠷᠣᠢ ᠶᠢᠨ ᠠᠵᠢᠯ ᠢ ᠰᠠᠶᠢᠳᠣᠷ ᠬᠢᠵᠦ᠂ ᠦᠨᠳᠦᠰᠦᠨ ᠱᠠᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠳᠠ ᠶᠢᠨ ᠴᠢᠳᠠᠪᠣᠷᠢ ᠶᠢ ᠲᠡᠭᠡᠭᠰᠢᠯᠡᠬᠦᠯᠵᠦ᠂ ᠪᠦᠬᠦ ᠲᠠᠯ᠎ᠠ ᠪᠠᠷ ᠰᠢᠨ᠎ᠡ ᠶᠢ ᠡᠬᠦᠳᠬᠦ ᠶᠢ ᠲᠡᠮᠵᠢᠬᠦ ᠰᠠᠭᠤᠷᠢ ᠲᠦᠷᠢᠮ ᠢ ᠲᠡᠬᠦᠯᠳᠡᠷᠵᠢᠬᠦᠯᠵᠦ᠂ ᠦᠬᠡᠷᠡᠴᠢᠯᠡᠯᠳᠡ ᠬᠦᠭᠵᠢᠯᠳᠡ ᠶᠢᠨ ᠶᠡᠭᠡ ᠲᠠᠯ᠎ᠠ ᠳᠤ ᠨᠡᠩ ᠰᠠᠶᠢᠨ ᠦᠢᠯᠡᠴᠢᠯᠡᠬᠦ ᠬᠡᠷᠡᠭᠳᠡᠢ︔ ᠦᠪᠡᠷᠳᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠵᠦ᠂ ᠰᠣᠷᠣᠯᠴᠠᠨ ᠣᠬᠠᠭᠤᠯᠣᠨ ᠲᠤᠭᠤᠰᠢᠯᠠᠭᠤᠯᠬᠤ ᠠᠵᠢᠯ ᠢ ᠰᠠᠶᠢᠳᠣᠷ ᠠᠳᠬᠤᠵᠦ᠂ ᠬᠠᠮᠢᠶᠠᠷᠣᠯᠳᠠ ᠶᠢᠨ ᠣᠷᠣᠨ ᠤ ᠺᠠᠳ᠋ᠷ ᠣᠯᠠᠨ ᠲᠦᠮᠡᠨ ᠤ ᠣᠶᠣᠨ ᠣᠬᠠᠭᠠᠨ ᠪᠠ ᠬᠦᠴᠦᠨ ᠴᠢᠳᠠᠯ ᠢ ᠣᠯᠠᠮ ᠨᠢᠭᠡ ᠠᠯᠬᠤᠮ ᠬᠦᠭᠵᠢᠭᠡᠵᠦ᠂ ᠬᠠᠮᠢᠶᠠᠷᠣᠯᠳᠠ ᠶᠢᠨ ᠣᠷᠣᠨ ᠤ ᠠᠵᠢᠯ ᠤᠨ ᠲᠦᠷᠢᠮ ᠢ ᠲᠦᠷᠢᠮᠵᠢᠬᠦᠯᠦᠨ ᠲᠣᠭᠳᠠᠭᠠᠵᠦ᠂ ᠵᠠᠰᠠᠭ ᠤᠨ ᠣᠷᠳᠣᠨ ᠤ ᠡᠬᠦᠷᠭᠡ ᠴᠢᠳᠠᠪᠬᠢ ᠶᠢ ᠪᠦᠬᠦ ᠲᠠᠯ᠎ᠠ ᠪᠠᠷ ᠵᠦᠪ ᠬᠡᠷᠡᠭᠵᠢᠬᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠣᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠬᠦᠳᠬᠦ ᠵᠠᠰᠠᠭ ᠤᠨ ᠣᠷᠳᠣᠨ᠂ ᠠᠷᠢᠭᠤᠨ ᠴᠢᠭᠡᠴᠢ ᠵᠠᠰᠠᠭ ᠤᠨ ᠣᠷᠳᠣᠨ ᠪᠠ ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠬᠡᠷᠡᠭᠳᠡᠢ ᠬᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠯᠠᠭᠠᠢ ᠬᠠᠮᠢᠶᠠᠷᠤᠯᠲᠠ ᠣᠷᠣᠨ ᠤ ᠨᠠᠮ ᠵᠠᠰᠠᠭ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号