ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠪᠠ᠂ ᠪᠣᠳᠠᠲᠠᠢ ᠠᠰᠢᠭ ᠨᠢ ᠬᠡᠳᠦᠢ ᠪᠣᠯ
ᠨᠡᠶᠢᠲᠡᠯᠡᠭᠰᠡᠨ ᠴᠠᠭ᠄
2024/5/30
     ᠣᠶᠢᠷ᠎ᠠ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ 0.25 ᠵᠠᠭᠤᠨ ᠤ ᠴᠡᠭ ᠪᠠᠭᠤᠷᠠᠭᠤᠯᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠴᠠᠭ ᠲᠤᠬᠠᠢ ᠳᠤ ᠨᠢ ᠲᠣᠬᠢᠷᠠᠭᠤᠯᠵᠤ᠂ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠬᠤ ᠳᠤ ᠬᠡᠷᠬᠢᠨ ᠪᠣᠳᠠᠲᠠᠢ ᠪᠠᠷ ᠬᠡᠷᠡᠭᠵᠢᠭᠦᠯᠬᠦ ᠪᠣᠢ︖ ᠲᠤᠰᠢᠶᠠᠨ ᠬᠠᠳᠠᠭᠠᠯᠠᠭᠤᠯᠤᠭᠴᠢ ᠲᠡᠭᠦᠨ ᠤ ᠳᠤᠮᠳᠠ ᠠᠴᠠ ᠬᠡᠳᠦᠢ ᠠᠰᠢᠭ ᠭᠥᠷᠳᠡᠬᠦ ᠪᠣᠶ︖     ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠬᠢᠷᠠᠭᠤᠯᠬᠤ ᠬᠡᠪᠴᠢᠶᠡᠨ ᠳᠤ ᠰᠢᠨ᠎ᠡ ᠪᠠᠷ ᠲᠠᠯᠪᠢᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠭᠲᠠᠬᠤ ᠪᠥᠭᠡᠳ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ    ᠎ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ  ᠴᠦ  ᠪᠠᠭᠲᠠᠨ᠎ᠠ᠃ 2024 ᠣᠨ ᠤ 5 ᠳ᠋ᠤᠭᠠᠷ ᠰᠠᠷ᠎ᠠ ᠶᠢᠨ 18᠎ ᠤ ᠡᠳᠦᠷ ᠠᠴᠠ ᠡᠮᠦᠨ᠎ᠡ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ 2025 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠦᠦ ᠨᠣᠷᠮ᠎ᠠ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠨ᠎ᠡ᠃ 2024 ᠣᠨ ᠤ 5 ᠳ᠋ᠤᠭᠠᠷ ᠰᠠᠷ᠎ᠠ ᠶᠢᠨ 18᠎ ᠤ ᠡᠳᠦᠷ ︵ᠪᠠᠭᠲᠠᠨ᠎ᠠ︶᠎ ᠠᠴᠠ ᠰᠡᠭᠦᠯᠡᠷ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠲᠣᠬᠢᠷᠠᠭᠤᠯᠤᠭᠰᠠᠨ ᠤ ᠳᠠᠷᠠᠭᠠᠬᠢ ᠬᠦᠦ ᠮᠥᠩᠭᠦᠨ ᠤ ᠰᠢᠨ᠎ᠡ ᠨᠣᠷᠮ᠎ᠠ ᠶᠢ ᠰᠢᠭᠤᠳ ᠬᠡᠷᠡᠭᠵᠢᠭᠦᠯᠦᠨ᠎ᠡ ᠭᠡᠵᠡᠢ᠃      ᠣᠶᠢᠯᠠᠭᠠᠭᠰᠠᠨ ᠢᠶᠠᠷ᠂ ᠲᠣᠬᠢᠷᠠᠭᠤᠯᠤᠭᠰᠠᠨ ᠤ ᠳᠠᠷᠠᠭ᠎ᠠ᠂ 5 ᠵᠢᠯ ᠠᠴᠠ ᠳᠣᠷᠣᠭᠰᠢᠬᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢᠬᠢ ᠠᠩᠬᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠰ ᠲᠣᠰ 2.35% ᠪᠠ 2.85% ᠪᠣᠯᠭᠠᠨ ᠲᠣᠬᠢᠷᠠᠭᠤᠯᠵᠤ᠂ 5 ᠵᠢᠯ ᠠᠴᠠ ᠳᠣᠷᠣᠭᠰᠢᠬᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠰ ᠲᠣᠰ 2.775% ᠪᠠ 3.325%᠎ ᠠᠴᠠ ᠳᠣᠣᠷ᠎ᠠ ᠦᠭᠡᠢ ᠪᠠᠷ ᠲᠣᠬᠢᠷᠠᠭᠤᠯᠪᠠ᠃     ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠪᠠᠯ ᠰᠢᠭᠤᠳ ᠠᠰᠢᠭ ᠭᠥᠷᠳᠡᠬᠦ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠵᠢᠭᠡᠯᠡᠭᠴᠢᠳ ᠪᠣᠯᠣᠨ᠎ᠠ᠃ 100 ᠲᠦᠮᠡᠨ ᠲᠥᠭᠦᠷᠢᠭ᠂ 30 ᠵᠢᠯ ᠤᠨ ᠬᠤᠭᠤᠴᠠᠭᠠᠲᠤ ᠠᠩᠬᠠᠳᠤᠭᠠᠷ ᠢᠵᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ ᠵᠢᠱᠢᠶᠡᠯᠡᠪᠡᠯ᠂ ᠲᠡᠩᠴᠡᠭᠦᠦ ᠲᠣᠭᠠᠨ ᠤ ᠡᠬᠡ ᠬᠦᠦ ᠮᠥᠩᠭᠦ ᠪᠠᠷ ᠵᠣᠭᠤᠰ ᠲᠥᠯᠥᠬᠦ ᠠᠷᠭ᠎ᠠ ᠶᠢ ᠰᠣᠩᠭᠤᠪᠠᠯ᠂ ᠰᠠᠷ᠎ᠠ ᠶᠢᠨ ᠬᠠᠩᠭᠠᠯᠭ᠎ᠠ ᠶᠢ 4270.16 ᠲᠥᠭᠦᠷᠢᠭ ᠪᠠᠶᠢᠭᠰᠠᠨ ᠠᠴᠠ 4135.57 ᠲᠥᠭᠦᠷᠢᠭ ᠪᠣᠯᠭᠠᠨ ᠪᠠᠭᠤᠷᠠᠭᠤᠯᠵᠤ᠂ ᠪᠠᠷᠤᠭ 135 ᠲᠥᠭᠦᠷᠢᠭ ᠬᠠᠰᠤᠭᠳᠠᠵᠤ᠂ ᠶᠡᠷᠦᠩᠬᠡᠢ ᠬᠦᠦ ᠮᠥᠩᠭᠦᠨ ᠤ ᠵᠠᠷᠤᠯᠭ᠎ᠠ 4.85 ᠲᠦᠮᠡᠨ ᠲᠥᠭᠦᠷᠢᠭ ᠬᠠᠰᠤᠭᠳᠠᠬᠤ ᠪᠣᠯᠣᠨ᠎ᠠ᠃     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ 2012 ᠣᠨ ᠠᠴᠠ ᠨᠠᠭᠠᠰᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠨᠡᠶᠢᠳᠡ 12.9 ᠲᠦᠮᠡᠨ ᠳ᠋ᠦᠩᠰᠢᠭᠤᠷ ᠲᠥᠭᠦᠷᠢᠭ ᠲᠠᠯᠪᠢᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ 2.7 ᠲᠦᠮᠡᠨ ᠳ᠋ᠦᠩᠰᠢᠭᠤᠷ ᠲᠥᠭᠦᠷᠢᠭ  ᠪᠠᠶᠢᠭᠰᠠᠨ ᠠᠴᠠ    ᠎ ᠪᠠᠨ 2023  ᠣᠨ ᠳᠤ  7.8  ᠲᠦᠮᠡᠨ  ᠳ᠋ᠦᠩᠰᠢᠭᠤᠷ ᠲᠥᠭᠦᠷᠢᠭ  ᠪᠣᠯᠣᠨ ᠨᠡᠮᠡᠭᠳᠡᠵᠦ᠂ 5000 ᠲᠦᠮᠡ ᠰᠢᠬᠠᠮ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠲᠠᠢ ᠪᠠᠶᠢᠬᠤ ᠶᠢ ᠪᠡᠶᠡᠯᠡᠭᠦᠯᠬᠦ ᠶᠢ ᠳᠡᠮᠵᠢᠪᠡ᠂ ᠡᠭᠦᠨ ᠳᠤ 80%᠎ ᠠᠴᠠ ᠳᠡᠭᠡᠭᠰᠢᠬᠢ ᠨᠢ ᠠᠩᠬᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠤᠭᠰᠠᠳ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠵᠦ᠂ 2023 ᠣᠨ ᠤ ᠵᠢᠭᠡᠯᠡᠯᠭᠡ ᠶᠢᠨ ᠦᠯᠡᠳᠡᠪᠦᠷᠢ  7%  ᠰᠢᠬᠠᠮ ᠎ ᠢᠶᠠᠷ ᠨᠡᠮᠡᠭᠳᠡᠵᠦ᠂ ᠰᠢᠨ᠎ᠡ ᠪᠠᠷ ᠲᠠᠯᠪᠢᠭᠰᠠᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 24%᠎ ᠪᠠᠷ ᠨᠡᠮᠡᠭᠳᠡᠨ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠬᠡᠷᠡᠭᠯᠡᠭᠡ ᠶᠢ ᠬᠦᠴᠦᠲᠡᠢ ᠳᠡᠮᠵᠢᠭᠰᠡᠨ ᠪᠠᠶᠢᠨ᠎ᠠ᠃     ︽ᠪᠢᠳᠡ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠲᠥᠪ ᠢ ᠵᠢᠯᠣᠭᠤᠳᠤᠨ ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠤᠭ ᠤᠨ ᠲᠡᠷᠢᠭᠦᠨ ᠳᠤ ᠲᠤᠰᠢᠶᠠᠨ ᠬᠠᠳᠠᠭᠠᠯᠠᠭᠤᠯᠤᠭᠴᠢ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠶᠢ ᠦᠨᠡᠨ ᠬᠦ ᠪᠠᠲᠤᠯᠠᠨ᠎ᠠ᠃︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号