ᠤᠯᠠᠭᠠᠢ ᠬᠠᠮᠢᠶᠠᠷᠤᠯᠲᠠ ᠶᠢᠨ ᠣᠷᠣᠨ᠄ ᠰᠣᠶᠣᠯ ᠵᠢᠭᠤᠯᠴᠢᠯᠠᠯ ᠢᠶᠠᠷ ᠵᠠᠭᠤᠴᠢ ᠪᠣᠯᠭᠠᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ
ᠨᠡᠶᠢᠲᠡᠯᠡᠭᠰᠡᠨ ᠴᠠᠭ᠄
2024/6/12

    ᠣᠶᠢᠷ᠎ᠠ ᠶᠢᠨ ᠵᠢᠯ ᠠᠴᠠ ᠨᠠᠰᠢ᠂ ᠤᠯᠠᠭᠠᠢ ᠬᠠᠮᠢᠶᠠᠷᠤᠯᠲᠠ ᠶᠢᠨ ᠣᠷᠣᠨ ᠠᠴᠠ ᠶᠡᠷᠦᠩᠬᠡᠢ ᠱᠦᠵᠢ ᠰᠢ ᠶᠢᠨ

ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ

ᠭᠦᠨᠵᠡᠭᠡᠢ  ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠲᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠣ᠂ ᠰᠣᠶᠣᠯ

ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠦᠨᠳᠦᠰᠦᠲᠡᠨ ᠤ ᠶᠠᠪᠤᠯᠴᠠᠭ᠎ᠠ

ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠬᠤ᠂

︽ᠳᠣᠮᠳᠠᠳᠣ ᠶᠢᠨ ᠵᠠᠮ︾ ᠤᠨ ᠤᠬᠠᠭᠤᠯᠭ᠎ᠠ ᠶᠢ ᠥᠷᠨᠢᠭᠦᠯᠬᠦ᠂ ᠬᠤᠪᠢᠰᠬᠠᠯᠲᠤ ᠵᠢᠭᠠᠨ ᠰᠤᠷᠭᠠᠯᠲᠠ ᠶᠢᠨ ᠰᠠᠭᠤᠷᠢᠨ

ᠭᠠᠵᠠᠷ ᠢ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠮᠳᠠᠳᠣ ᠶᠢᠨ ᠤᠯᠠᠮᠵᠢᠯᠠᠯᠲᠤ ᠰᠣᠶᠣᠯ ᠤᠨ

ᠭᠤᠸ᠎ᠠ ᠰᠠᠶᠢᠬᠠᠨ ᠢ ᠶᠡᠬᠡᠪᠡᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠤᠨ

ᠬᠠᠮᠲᠤ ᠶᠢᠨ ᠲᠠᠨᠢᠯᠲᠠ ᠶᠢ ᠴᠢᠩᠭᠠᠳᠬᠠᠨ᠂ ᠲᠣᠮᠳᠠᠳᠣ ᠶᠢᠨ ᠦᠨᠳᠦᠰᠦᠲᠡᠨ ᠤ ᠬᠠᠮᠲᠤ ᠶᠢᠨ ᠣᠶᠣᠨ ᠰᠠᠨᠠᠭᠠᠨ ᠤ ᠭᠡᠷ

ᠣᠷᠣᠨ ᠢ ᠬᠠᠮᠲᠤ ᠪᠠᠷ ᠴᠣᠭᠴᠠᠯᠠᠪᠠ᠃

    ᠪᠠᠶᠢᠭᠠᠯᠢᠯᠢᠭ ᠲᠠᠯ᠎ᠠ ᠨᠤᠲᠤᠭ ᠤᠨ ᠥᠩᠭᠡ ᠦᠵᠡᠮᠵᠢ ᠪᠣᠯ ᠤᠯᠠᠭᠠᠢ ᠶᠢᠨ ᠬᠠᠮᠢᠶᠠᠷᠤᠯᠲᠠ ᠶᠢᠨ ᠣᠷᠣᠨ ᠤ

︽ᠠᠯᠲᠠᠨ ᠦᠰᠦᠭᠲᠦ ᠫᠠᠶᠢᠰᠠ︾ ᠪᠣᠯᠣᠨ᠎ᠠ᠂ ᠣᠶᠢᠷ᠎ᠠ ᠶᠢᠨ ᠵᠢᠯ ᠠᠴᠠ ᠨᠠᠰᠢ ᠤᠯᠠᠭᠠᠢ ᠬᠠᠮᠢᠶᠠᠷᠤᠯᠲᠠ ᠶᠢᠨ ᠣᠷᠣᠨ

ᠵᠢᠭᠤᠯᠴᠢᠯᠠᠯ ᠤᠨ ︽ᠠᠵᠢᠯ︾ ᠢ ᠭᠦᠢᠴᠡᠳ ᠬᠢᠵᠦ᠂ ᠪᠡᠭᠡᠵᠢᠩ᠂ ᠱᠠᠨᠲ᠋ᠧᠦ᠂ ᠮᠦᠭᠳᠡᠨ ᠵᠡᠷᠭᠡ ᠭᠠᠵᠠᠷ ᠲᠤ ᠬᠦᠷᠴᠦ

ᠵᠢᠭᠤᠯᠴᠢᠯᠠᠯ ᠤᠨ ᠲᠠᠨᠢᠯᠴᠠᠭᠤᠯᠭ᠎ᠠ ᠥᠷᠨᠢᠭᠦᠯᠵᠦ᠂ ᠠᠳᠠᠯᠢ ᠪᠤᠰᠤ ᠭᠠᠵᠠᠷ ᠣᠷᠣᠨ ᠤ ᠬᠤᠭᠤᠷᠣᠨᠳᠣᠬᠢ

ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ᠂ ᠡᠬᠢ ᠪᠠᠶᠠᠯᠢᠭ ᠢ ᠬᠠᠷᠢᠯᠴᠠᠨ ᠨᠠᠪᠲᠠᠷᠡᠭᠦᠯᠵᠦ ᠬᠠᠮᠲᠤ ᠪᠠᠷ ᠡᠳ᠋ᠯᠡᠬᠦ᠂

ᠰᠣᠶᠣᠯ ᠤᠨ ᠬᠠᠷᠢᠯᠴᠠᠨ ᠠᠭᠤᠰᠤᠯᠴᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠪᠠ᠃ ᠲᠠᠯ᠎ᠠ ᠨᠤᠲᠤᠭ ᠤᠨ

ᠵᠤᠭᠠᠴᠠᠯ᠂ ᠠᠷᠠᠳ ᠤᠨ ᠵᠠᠩ ᠦᠢᠯᠡ ᠶᠢᠨ ᠣᠨᠴᠠᠯᠢᠭᠲᠤ ᠵᠤᠭᠠᠴᠠᠯ᠂ ᠬᠤᠪᠢᠰᠬᠠᠯ ᠤᠨ ᠰᠤᠳᠤᠯᠤᠨ ᠰᠤᠷᠤᠯᠴᠠᠬᠤ

ᠵᠤᠭᠠᠴᠠᠯ ᠵᠡᠷᠭᠡ ᠰᠣᠳᠣᠨ ᠵᠤᠭᠠᠴᠠᠯ ᠤᠨ ᠵᠠᠮ ᠱᠤᠭᠤᠮ ᠢ ᠨᠠᠷᠢᠨ ᠨᠢᠮᠪᠠᠢ ᠪᠠᠶᠢᠭᠤᠯᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠠᠮ ᠱᠤᠭᠤᠮ ᠤᠨ ᠡᠯ᠎ᠡ ᠴᠡᠭ᠂

ᠦᠵᠡᠮᠵᠢ ᠶᠢᠨ ᠣᠷᠣᠨ ᠤ ᠲᠠᠶᠢᠯᠪᠤᠷᠢᠯᠠᠯᠲᠠ᠂ ᠵᠤᠭᠠᠴᠠᠯ ᠤᠨ ᠦᠢᠯᠡᠴᠢᠯᠡᠭᠡ ᠳᠤ ᠠᠭᠤᠰᠤᠯᠴᠠᠭᠤᠯᠵᠤ᠂ ᠵᠤᠭᠠᠴᠠᠯ ᠤᠨ

ᠠᠮᠢ ᠠᠬᠤᠢ ᠪᠣᠯᠣᠨ ᠬᠥᠮᠥᠨ ᠰᠣᠶᠣᠯ ᠤᠨ ᠠᠭᠤᠯᠤᠭᠳᠠᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠤᠨ᠎ᠠ᠃

ᠡᠭᠦᠨ ᠤ ᠬᠠᠮᠲᠤ ᠲᠥᠷᠥᠯ ᠵᠦᠢᠯ ᠢ ᠨᠡᠭᠡᠭᠡᠨ ᠬᠥᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂

ᠰᠢᠭᠤᠳ ᠨᠡᠪᠲᠡᠷᠡᠬᠦ ᠠᠶᠠᠯᠠᠯ ᠤᠨ ᠱᠤᠭᠤᠮ ᠵᠡᠷᠭᠡ ᠲᠠᠯ᠎ᠠ ᠪᠠᠷ ᠨᠡᠶᠢᠭᠡᠮ ᠤᠨ ᠡᠯ᠎ᠡ ᠡᠲᠡᠭᠡᠳ ᠯᠦᠭᠡ ᠭᠦᠨ ᠳᠡᠰ

ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠪᠦᠬᠦ ᠵᠢᠯ ᠳᠤ ᠪᠡᠭᠡᠵᠢᠩ᠂ ᠮᠦᠭᠳᠡᠨ᠂ ᠬᠥᠬᠡᠬᠤᠲᠠ ᠶᠢᠨ ᠨᠠᠭᠠᠰᠢ

ᠴᠠᠭᠠᠰᠢ ᠶᠠᠪᠤᠬᠤ ᠠᠭᠠᠷ ᠤᠨ ᠱᠤᠭᠤᠮ ᠢ ᠨᠠᠪᠲᠠᠷᠡᠭᠦᠯᠵᠦ᠂ ︽ᠲᠡᠭᠷᠢ ᠶᠢᠨ ᠬᠢᠵᠠᠭᠠᠷ ᠤᠨ ᠲᠠᠯ᠎ᠠ ᠨᠤᠲᠤᠭ︾ ᠢ ᠠᠯᠤᠰ

ᠬᠤᠯᠠ ᠦᠭᠡᠢ ᠪᠣᠯᠭᠠᠵᠤ᠂ ᠠᠳᠠᠯᠢ ᠪᠤᠰᠤ ᠭᠠᠵᠠᠷ ᠣᠷᠣᠨ ᠤ ᠣᠯᠠᠨ ᠲᠦᠮᠡᠨ ᠤ ᠶᠠᠪᠤᠵᠤ ᠰᠠᠭᠤᠬᠤ ᠨᠢ ᠨᠡᠩ ᠣᠯᠠᠨ᠂

 ᠬᠠᠷᠢᠯᠴᠠᠭ᠎ᠠ   ᠨᠢ ᠨᠡᠩ ᠨᠢᠭᠲᠠ᠂ ᠬᠠᠷᠢᠯᠴᠠᠨ ᠨᠡᠩ ᠣᠶᠢᠯᠠᠭᠠᠯᠴᠠᠬᠤ ᠶᠢ ᠠᠬᠢᠭᠤᠯᠬᠤ ᠬᠡᠷᠡᠭᠲᠡᠢ᠃

    ᠤᠯᠠᠭᠠᠢ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠯᠪᠡᠭ ᠪᠠᠶᠠᠯᠢᠭ ᠪᠠᠶᠢᠵᠤ᠂

ᠵᠢᠭᠤᠯᠴᠢᠯᠠᠭᠴᠢᠳ ᠦᠵᠡᠮᠵᠢ ᠶᠢᠨ ᠣᠷᠣᠨ ᠳᠤ ᠲᠣᠭᠤᠷᠢᠨ ᠦᠵᠡᠵᠦ᠂ ᠭᠡᠷᠡᠯ ᠵᠢᠷᠤᠭ ᠠᠪᠴᠤ ᠪᠣᠯᠣᠨ᠎ᠠ᠂ ᠮᠣᠷᠢ

ᠤᠨᠤᠵᠤ ᠰᠤᠷ ᠬᠠᠷᠪᠤᠬᠤ᠂ ᠠᠮᠲᠠᠲᠤ ᠢᠳᠡᠭᠡᠨ ᠠᠮᠲᠠᠯᠠᠵᠤ ᠪᠣᠯᠣᠨ᠎ᠠ᠂ ᠪᠠᠰᠠ ᠡᠷᠲᠡᠨ ᠤ ᠤᠷ᠎ᠠ ᠮᠡᠷᠭᠡᠵᠢᠯ ᠲᠠᠢ

ᠣᠶᠢᠷ᠎ᠠ ᠵᠠᠢ ᠠᠴᠠ ᠬᠠᠷᠢᠯᠴᠠᠵᠤ ᠪᠣᠯᠣᠨ᠎ᠠ - ᠪᠣᠳᠠᠰ ᠤᠨ ᠪᠤᠰᠤ ᠰᠣᠶᠣᠯ ᠤᠨ ᠥᠪ ᠦᠨ ᠰᠣᠶᠣᠯ ᠢ ᠣᠶᠢᠯᠠᠭᠠᠵᠤ

ᠪᠣᠯᠣᠨ᠎ᠠ᠃ ᠡᠯ᠎ᠡ ᠦᠵᠡᠮᠵᠢ ᠶᠢᠨ ᠣᠷᠣᠨ ᠤ ᠪᠠᠶᠢᠷᠢᠯᠠᠭᠤᠯᠤᠭᠰᠠᠨ ᠪᠣᠳᠠᠰ ᠤᠨ ᠪᠤᠰᠤ ᠰᠣᠶᠣᠯ ᠤᠨ ᠥᠪ ᠤᠨ

ᠦᠵᠡᠭᠦᠯᠭᠡ ᠶᠢᠨ ᠲᠣᠭᠤᠷᠢᠭ ᠲᠤ᠂ ᠵᠤᠭᠠᠴᠠᠭᠰᠠᠳ ᠭᠠᠷ ᠢᠶᠠᠷ ᠬᠢᠭᠰᠡᠨ ᠭᠤᠶᠢᠳᠠ ᠰᠠᠶᠢᠬᠠᠨ ᠮᠣᠩᠭᠤᠯ ᠲᠡᠷᠯᠢᠭ᠂

ᠡᠮᠡᠭᠡᠯ᠂ ᠬᠤᠶᠠᠭ ᠳᠤᠭᠤᠯᠠᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯᠴᠢ ᠦᠢᠯᠡᠳᠬᠦᠨ ᠵᠡᠷᠭᠡ ᠶᠢ

ᠣᠯᠵᠤ ᠬᠠᠷᠠᠬᠤ ᠠᠴᠠ ᠭᠠᠳᠠᠨ᠎ᠠ ᠪᠠᠰᠠ ᠦᠨᠳᠦᠰᠦᠲᠡᠨ ᠤ ᠬᠤᠪᠴᠠᠰᠤ ᠵᠠᠰᠠᠯ ᠢ ᠨᠠᠷᠢᠯᠢᠭ ᠰᠠᠶᠢᠬᠠᠨ ᠡᠮᠦᠰᠴᠦ᠂

ᠠᠳᠠᠯᠢ ᠪᠤᠰᠤ ᠦᠨᠳᠦᠰᠦᠲᠡᠨ ᠤ ᠵᠠᠩ ᠵᠠᠩᠰᠢᠯ ᠢ ᠣᠶᠢᠯᠠᠭᠠᠵᠤ ᠪᠣᠯᠣᠨ᠎ᠠ᠃ ᠤᠯᠠᠭᠠᠢ ᠪᠣᠳᠠᠰ ᠤᠨ ᠪᠤᠰᠤ ᠰᠣᠶᠣᠯ ᠤᠨ

ᠥᠪ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠴᠦ ᠵᠢᠭᠤᠯᠴᠢᠯᠠᠯ ᠤᠨ ᠲᠠᠨᠢᠯᠴᠠᠭᠤᠯᠭ᠎ᠠ ᠶᠢᠨ

ᠠᠵᠢᠯᠯᠠᠭ᠎ᠠ ᠶᠢ ᠳᠠᠭᠠᠵᠤ ᠤᠯᠤᠰ ᠤᠨ ᠳᠣᠲᠣᠭᠠᠳᠤ ᠶᠢᠨ ᠡᠯ᠎ᠡ ᠲᠣᠮᠣ ᠬᠤᠲᠠ ᠳᠤ ᠣᠷᠣᠵᠤ᠂ ᠰᠣᠶᠣᠯ ᠤᠨ

ᠲᠡᠮᠳᠡᠭ ᠢᠶᠠᠷ ᠪᠠᠶᠠᠯᠢᠭ ᠣᠨᠴᠠᠯᠢᠭᠲᠤ ᠪᠦᠲᠦᠭᠡᠭᠳᠡᠬᠦᠨ ᠪᠦᠬᠦᠨ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠳᠡᠯᠭᠡᠨ

ᠦᠵᠡᠭᠦᠯᠵᠦ᠂ ᠣᠯᠠᠨ ᠲᠦᠮᠡᠨ ᠤ ᠠᠩᠬᠠᠷᠤᠯ ᠢ ᠲᠠᠲᠠᠵᠤ᠂ ᠣᠯᠠᠨ ᠡᠰᠢᠲᠦ ᠰᠣᠶᠣᠯ ᠤᠨ ᠷᠢᠳᠢ ᠰᠢᠳᠢ ᠶᠢ

ᠣᠶᠢᠯᠠᠭᠠᠵᠠᠢ᠃

    ᠰᠣᠶᠣᠯ ᠨᠢ ᠰᠣᠯᠢᠯᠴᠠᠭ᠎ᠠ ᠪᠠᠷ ᠳᠠᠮᠵᠢᠨ ᠪᠠᠶᠠᠯᠢᠭ ᠠᠭᠤᠯᠭ᠎ᠠ ᠲᠠᠢ ᠪᠣᠯᠣᠨ᠎ᠠᠭᠡᠵᠦ ᠶᠡᠷᠦᠩᠬᠡᠢ ᠱᠦᠵᠢ ᠰᠢ ᠶᠢᠨ

ᠫᠢᠩ ᠬᠡᠯᠡᠪᠡ᠃ᠡᠯ᠎ᠡ ᠦᠨᠳᠦᠰᠦᠲᠡᠨ ᠤ ᠣᠯᠠᠨ ᠲᠦᠮᠡᠨ ᠳᠤ ᠲᠠᠯ᠎ᠠ ᠨᠤᠲᠤᠭ ᠢ ᠣᠶᠢᠯᠠᠭᠠᠭᠤᠯᠬᠤ ᠶᠢᠨ ᠲᠥᠯᠥᠭᠡ᠂

2023 ᠣᠨ ᠳᠤ ᠤᠯᠠᠭᠠᠢ ᠬᠠᠮᠢᠶᠠᠷᠤᠯᠲᠠ ᠶᠢᠨ ᠣᠷᠣᠨ ᠠᠴᠠ ︽ᠮᠢᠩᠭᠠᠨ ᠨᠡᠷ᠎ᠡ ᠰᠦᠯᠵᠢᠶᠡᠨ ᠤ ᠣᠳᠣᠨ ᠣᠷᠣᠨ ᠤ

ᠤᠯᠠᠭᠠᠢ ᠶᠢᠨ ᠵᠤᠭᠠᠴᠠᠯ ᠢ ᠬᠠᠶᠢᠨ ᠰᠦᠪᠡᠭᠴᠢᠯᠡᠬᠦ︾᠂ ᠠᠷᠪᠠᠳᠤᠭᠠᠷ ᠬᠤᠭᠤᠴᠠᠭᠠᠨ ᠤ ︽ᠬᠠᠮᠢᠶᠠᠷᠤᠯᠲᠠ ᠶᠢᠨ

ᠣᠷᠣᠨ ᠠᠴᠠ ᠰᠣᠶᠣᠯ ᠵᠢᠭᠤᠯᠴᠢᠯᠠᠯ ᠤᠨ IP ᠲᠦᠷᠦᠯ ᠵᠦᠢᠯ ᠤᠨ ︽ᠴᠠᠨ᠎ᠠ ᠴᠡᠴᠡᠭ ᠤᠨ ᠴᠡᠴᠡᠭ ᠳᠡᠯᠭᠡᠷᠡᠬᠦ ᠦᠶ᠎ᠡ︾

 ᠶᠢᠨ ᠲᠣᠮᠣ ᠬᠡᠯᠪᠡᠷᠢ ᠶᠢᠨ ᠰᠢᠯᠦᠭ ᠵᠢᠷᠤᠭ ᠤᠨ ᠰᠢᠷᠢᠰ ᠫᠷᠣᠭ᠍ᠷᠠᠮ ᠢ ᠡᠭᠦᠳᠬᠦ ᠶᠢᠨ ᠲᠥᠯᠥᠭᠡ᠂ ᠤᠯᠠᠭᠠᠢ ᠶᠢᠨ

ᠣᠨᠴᠠᠭᠠᠢ  ᠬᠥᠳᠡᠯᠭᠡᠭᠡᠨᠲᠦ ᠣᠷᠣᠯᠳᠣᠭᠠᠨ᠂ ᠰᠢᠯᠢ ᠶᠢᠨ ᠭᠤᠣᠯ ᠠᠶᠢᠮᠠᠭ ᠤᠨ ᠠᠲᠤᠭᠠᠢ ᠮᠥᠰᠥ ᠴᠠᠰᠤᠨ ᠤ

ᠣᠷᠣᠯᠳᠣᠭᠠᠨ ᠢ ᠰᠣᠨᠢᠷᠬᠠᠵᠤ᠂ ᠤᠯᠠᠭᠠᠢ ᠶᠢᠨ ᠲᠠᠯ᠎ᠠ ᠨᠤᠲᠤᠭ ᠤᠨ ᠮᠥᠰᠥ ᠴᠠᠰᠤᠨ ᠦᠵᠡᠮᠵᠢ ᠪᠣᠯᠣᠨ ᠡᠬᠢ ᠪᠠᠶᠠᠯᠢᠭ

ᠡᠯᠪᠡᠭ ᠪᠠᠶᠠᠯᠢᠭ ᠡᠬᠢ ᠪᠠᠶᠠᠯᠢᠭ ᠢ ᠪᠦᠬᠦ ᠲᠠᠯ᠎ᠠ ᠪᠠᠷ᠂ ᠣᠯᠠᠨ ᠬᠠᠷᠠᠭᠠᠰᠤ ᠠᠴᠠ ᠳᠡᠯᠭᠡᠨ ᠦᠵᠡᠭᠦᠯᠵᠦ᠂ ᠪᠦᠬᠦ ᠵᠢᠯ 

 ᠳᠤ 150 ᠲᠦᠮᠡᠨ ᠬᠥᠮᠥᠨ ᠤᠳᠠᠭ᠎ᠠ ᠵᠤᠭᠠᠴᠠᠭᠰᠠᠳ ᠢ ᠬᠦᠯᠢᠶᠡᠨ ᠵᠣᠴᠢᠯᠠᠵᠠᠢ᠃

    ᠨᠤᠲᠤᠭ ᠤᠨ ᠰᠣᠶᠣᠯ ᠤᠨ ᠠᠵᠢᠯᠯᠠᠭ᠎ᠠ ᠠᠳᠠᠯᠢᠬᠠᠨ ᠭᠤᠶᠢᠳᠠ ᠰᠠᠶᠢᠬᠠᠨ ᠪᠠᠶᠢᠵᠤ᠂ ᠲᠠᠯ᠎ᠠ ᠨᠤᠲᠤᠭ ᠤᠨ

︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ - ᠤᠯᠠᠭᠠᠨᠮᠥ᠋ᠴᠢᠷ ᠨᠢ ᠨᠠᠮ ᠤᠨ ᠰᠠᠶᠢᠨ

ᠳᠠᠭᠤᠨ ᠢ ᠲᠠᠯ᠎ᠠ ᠨᠤᠲᠤᠭ ᠤᠨ ᠭᠦᠨ ᠳᠤ ᠤᠯᠠᠮᠵᠢᠯᠠᠪᠠ︔ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ

ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠰᠣᠶᠣᠯ ᠤᠨ ᠢᠲᠡᠭᠡᠯ ᠢ ᠪᠠᠭᠠᠴᠤᠳ ᠤᠨ  ᠰᠡᠳᠬᠢᠯ  ᠳᠤ  

ᠬᠠᠳᠠᠩᠰᠢᠭᠤᠯᠪᠠ︔ ᠬᠥᠷ ᠨᠠᠷᠭᠢᠶᠠᠨ ᠲᠠᠢ ᠤᠯᠠᠨ ᠲᠦᠮᠡᠨ ᠤ ᠰᠣᠶᠣᠯ ᠤᠷᠠᠯᠢᠭ ᠤᠨ ᠨᠠᠶᠢᠷ᠂ ︽ᠤᠮᠠᠷᠠᠲᠤ ᠬᠢᠯᠢ ᠪᠠᠨ

ᠪᠥᠵᠢᠭᠯᠡᠬᠦ︾ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ᠂ ᠪᠦᠬᠦ ᠠᠷᠠᠳ ᠢᠶᠠᠷ ᠢᠶᠠᠨ ᠨᠣᠮ ᠤᠩᠰᠢᠬᠤ

ᠰᠠᠷ᠎ᠠ ᠶᠢᠨ ᠤᠩᠰᠢᠯᠭ᠎ᠠ ᠶᠢᠨ ᠤᠷᠤᠯᠳᠤᠭᠠᠨ᠂ ︽ᠣᠨᠢᠰᠤᠭ᠎ᠠ ᠲᠠᠭᠠᠬᠤ︾ ᠁ ᠨᠢᠭᠡ ᠵᠦᠢᠯ ᠤᠨ ᠠᠵᠢᠯᠯᠠᠭ᠎ᠠ ᠨᠢ

ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠴᠢᠳ ᠪᠣᠯᠣᠨ ᠲᠤᠬᠠᠢ ᠶᠢᠨ ᠭᠠᠵᠠᠷ ᠤᠨ

ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠠᠯ᠎ᠠ ᠨᠤᠲᠤᠭ ᠲᠤ ᠰᠣᠶᠣᠯ ᠤᠨ ᠦᠪᠡᠳᠡᠭᠰᠢ ᠨᠠᠶᠢᠷ ᠢ ᠬᠠᠮᠲᠤ ᠪᠠᠷ

ᠡᠳ᠋ᠯᠡᠭᠦᠯᠵᠦ᠂ ᠥᠷᠭᠡᠨ ᠢᠶᠠᠷ ᠰᠣᠯᠢᠯᠴᠠᠨ ᠠᠭᠤᠰᠤᠯᠴᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ

ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠬᠦᠴᠦᠲᠡᠢ ᠠᠬᠢᠭᠤᠯᠵᠤ᠂ ᠰᠣᠶᠣᠯ ᠤᠨ ᠢᠲᠡᠭᠡᠯ ᠢ

ᠨᠡᠮᠡᠭᠳᠡᠭᠦᠯᠦᠭᠰᠡᠨ ᠪᠥᠭᠡᠳ ᠪᠠᠰᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠰᠢᠨ᠎ᠡ

ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃

    ︽1969 ᠣᠨ ᠳᠤ ᠮᠢᠩᠭ᠎ᠠ ᠭᠠᠷᠤᠢ ᠰᠡᠬᠡᠭᠡᠲᠡᠨ ᠵᠠᠯᠠᠭᠤᠴᠤᠳ ᠤᠷᠢᠶᠠᠯᠠᠭ᠎ᠠ ᠶᠢ ᠳᠠᠭᠠᠵᠤ᠂ ᠨᠤᠲᠤᠭ

ᠤᠰᠤ ᠠᠴᠠ ᠪᠠᠨ ᠰᠠᠯᠤᠨ ᠪᠤᠶᠢᠳᠠ ᠪᠥᠭᠯᠡᠭᠦᠦ ᠤᠯᠠᠭᠠᠢ ᠶᠢᠨ ᠲᠠᠯ᠎ᠠ ᠨᠤᠲᠤᠭ ᠲᠤ ᠢᠷᠡᠵᠦ ᠠᠲᠠᠷ ᠬᠠᠭᠠᠯᠪᠤᠷᠢᠯᠠᠨ

ᠬᠢᠯᠢ ᠰᠠᠬᠢᠪᠠ︾᠃ ᠤᠯᠠᠭᠠᠢ ᠴᠡᠷᠢᠭ ᠤᠨ ᠬᠤᠷᠢᠶ᠎ᠠ ᠶᠢᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂

ᠰᠤᠳᠤᠯᠤᠨ ᠰᠤᠷᠤᠯᠴᠠᠬᠤ ᠪᠠᠷ ᠢᠷᠡᠭᠰᠡᠨ ᠺᠠᠳ᠋ᠷ ᠣᠯᠠᠨ ᠲᠦᠮᠡᠨ ᠶᠠᠭ ᠨᠠᠷᠢᠨ ᠬᠢᠨᠠᠮᠠᠭᠠᠢ ᠰᠣᠨᠣᠰᠴᠤ ᠪᠠᠶᠢᠨ᠎ᠠ᠂

ᠡᠶᠢᠮᠦᠷᠬᠦ ᠬᠤᠪᠢᠰᠬᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠨᠢ ᠨᠢᠭᠡᠨᠲᠡ ᠣᠶᠢᠷ᠎ᠠ ᠶᠢᠨ ᠵᠢᠯ ᠤᠨ ᠲᠤᠷᠰᠢᠬᠢ

ᠤᠯᠠᠭᠠᠢ ᠲᠠᠯ᠎ᠠ ᠨᠤᠲᠤᠭ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠣᠯᠤᠭᠰᠠᠨ ᠪᠠᠶᠢᠨ᠎ᠠ᠃

    ᠴᠡᠷᠢᠭ ᠤᠨ ᠬᠤᠷᠢᠶ᠎ᠠ‌‍ᠶᠢᠨᠰᠣᠶᠣᠯ ᠪᠣᠯ ᠤᠯᠠᠭᠠᠢ ᠬᠠᠮᠢᠶᠠᠷᠤᠯᠲᠠ ᠶᠢᠨ ᠣᠷᠣᠨ ᠤ ᠣᠨᠴᠠ ᠪᠠᠶᠢᠳᠠᠭ

ᠬᠤᠪᠢᠰᠬᠠᠯ ᠤᠨ ᠳᠤᠷᠠᠰᠤᠮᠵᠢ ᠪᠣᠯᠣᠨ᠎ᠠ᠂ ᠲᠠᠯ᠎ᠠ ᠨᠤᠲᠤᠭ ᠲᠤ ᠣᠳᠣ ᠪᠣᠯᠲᠠᠯ᠎ᠠ ᠴᠡᠷᠢᠭ ᠤᠨ ᠬᠤᠷᠢᠶ᠎ᠠ‌‍ᠶᠢᠨ ᠪᠠᠷᠢᠯᠭ᠎ᠠ

ᠪᠣᠯᠣᠨ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠢ ᠬᠠᠳᠠᠭᠠᠯᠠᠭᠰᠠᠭᠠᠷ ᠢᠷᠡᠵᠡᠶ᠂ ᠤᠯᠠᠭᠠᠢ ᠬᠠᠮᠢᠶᠠᠷᠤᠯᠲᠠ ᠶᠢᠨ

ᠣᠷᠣᠨ ᠡᠨᠡ ᠬᠦ ᠰᠠᠭᠤᠷᠢᠨ ᠳᠡᠭᠡᠷ᠎ᠡ ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠬᠤᠪᠢᠰᠬᠠᠯ ᠤᠨ

ᠬᠥᠮᠦᠵᠢᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠣᠳᠣ ᠨᠢᠭᠡᠨᠲᠡ ᠴᠡᠷᠢᠭ ᠤᠨ ᠬᠤᠷᠢᠶ᠎ᠠ‌‍ᠶᠢᠨ

ᠳᠤᠷᠠᠰᠤᠮᠵᠢ ᠶᠢᠨ ᠣᠷᠳᠣᠨ᠂ ᠴᠡᠷᠢᠭ ᠤᠨ ᠬᠤᠷᠢᠶ᠎ᠠ‌‍ᠶᠢᠨ ᠬᠤᠪᠢᠰᠬᠠᠯ ᠤᠨ ᠦᠯᠢᠭᠡᠷ ᠤᠨ ᠴᠤᠭᠯᠠᠭᠠᠨ ᠤ

ᠦᠵᠡᠭᠦᠯᠦᠯᠭᠡ ᠶᠢᠨ ᠲᠢᠩᠬᠢᠮ᠂ ᠰᠡᠬᠡᠭᠡᠲᠡᠳ ᠤᠨ ᠠᠮᠢᠳᠤᠷᠠᠯ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ ᠵᠡᠷᠭᠡ ᠣᠯᠠᠨ

ᠬᠤᠪᠢᠰᠬᠠᠯ ᠤᠨ ᠰᠣᠶᠣᠯ ᠤᠨ ᠣᠷᠳᠣᠨ ᠢ ᠪᠠᠶᠢᠭᠤᠯᠤᠭᠰᠠᠨ ᠪᠥᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠠᠮᠢᠳᠤ ᠬᠢᠴᠢᠶᠡᠯ ᠤᠨ ᠲᠠᠩᠬᠢᠮ︾ ᠪᠣᠯᠤᠭᠰᠠᠨ ᠤ ᠬᠤᠪᠢ ᠳᠤ

ᠣᠯᠠᠨ ᠲᠦᠮᠡᠨ ᠵᠢᠴᠢ ᠵᠠᠯᠠᠭᠤᠴᠤᠳ ᠪᠠᠭᠠᠴᠤᠳ ᠲᠤ ᠬᠠᠨᠳᠤᠭᠤᠯᠤᠨ ᠨᠡᠭᠡᠭᠡᠭᠰᠡᠨ ᠪᠠᠶᠢᠨ᠎ᠠ᠃ ︽ᠤᠯᠠᠭᠠᠨ  ᠶᠢ

ᠤᠯᠠᠮᠵᠢᠯᠠᠵᠤ ᠨᠣᠭᠤᠭᠠᠷᠠᠭᠤᠯᠤᠯᠲᠠ ᠶᠢ ᠰᠠᠬᠢᠵᠤ᠂ ᠵᠢᠱᠢᠶ᠎ᠡ ᠦᠵᠡᠭᠦᠯᠬᠦ  ᠶᠢ ᠬᠠᠮᠲᠤᠪᠠᠷ ᠡᠭᠦᠳᠬᠦ︾ ᠲᠦᠷᠦᠯ

ᠲᠡᠮᠳᠡᠭ ᠢ ᠬᠦᠴᠦᠯᠡᠨ ᠡᠭᠦᠳᠴᠦ᠂ ᠪᠦ᠋ ᠯᠢᠨ ᠴᠢᠤᠸᠠᠨ ᠴᠢᠨ᠋ᠸ᠎ᠠ ᠶᠢᠨ ᠲᠣᠲ᠋ᠧᠮ ᠤᠨ ᠺᠢᠨᠣ᠋ ᠲᠧᠯᠸᠢᠰ ᠤᠨ ᠰᠡᠭᠦᠳᠡᠷᠯᠡᠬᠦ

ᠰᠠᠭᠤᠷᠢᠨ ᠭᠠᠵᠠᠷ᠂ ᠵᠢᠦ ᠴᠢᠦᠢ ᠸᠠᠨ ᠦᠵᠡᠮᠵᠢ ᠶᠢᠨ ᠣᠷᠣᠨ᠂ ᠴᠡᠷᠢᠭ ᠤᠨ ᠬᠤᠷᠢᠶ᠎ᠠ‌‍ᠶᠢᠨ ᠰᠣᠶᠣᠯ ᠤᠨ ᠠᠵᠤ

ᠦᠢᠯᠡᠰ ᠤᠨ ᠬᠦᠷᠢᠶᠡᠯᠡᠩ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ

ᠮᠥᠩᠭᠦᠨ ᠠᠭᠤᠯᠠ ᠦᠢᠯᠡᠳᠦᠯᠭᠡᠵᠢᠭᠦᠯᠦᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠤᠯᠤᠰ ᠢᠶᠠᠨ ᠬᠠᠶᠢᠷᠠᠯᠠᠬᠤ

ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠳᠡᠪᠲᠦᠭᠡᠬᠦ ᠮᠠᠶ᠋ᠢᠭ ᠤᠨ ᠭᠤᠣᠯ ᠰᠡᠳᠦᠪᠲᠦ

ᠵᠢᠭᠠᠨ ᠰᠤᠷᠭᠠᠯᠲᠠ ᠶᠢ ᠥᠷᠨᠢᠭᠦᠯᠵᠦ᠂ ︽ᠳᠤᠮᠳᠠᠳᠤ ᠶᠢᠨ ᠵᠠᠮ︾  ᠤᠨ ᠰᠢᠯᠢᠳᠡᠭ ᠤᠯᠠᠮᠵᠢᠯᠠᠯᠲᠤ ᠰᠣᠶᠣᠯ ᠤᠨ

ᠮᠡᠳᠡᠯᠭᠡ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠪᠠ᠃ ᠡᠭᠦᠨ ᠤ

ᠬᠠᠮᠲᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠲᠠᠢ ᠭᠦᠨᠵᠡᠭᠡᠢ

ᠬᠠᠮᠲᠤᠷᠠᠯᠴᠠᠭ᠎ᠠ ᠥᠷᠨᠢᠭᠦᠯᠵᠦ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠬᠠᠮᠢᠶᠠᠷᠤᠯᠲᠠ ᠶᠢᠨ ᠣᠷᠣᠨ

ᠴᠢᠨᠠᠭᠰᠢᠯᠠᠪᠠᠯ ᠪᠦᠬᠦ ᠠᠶᠢᠮᠠᠭ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠴᠢᠬᠤᠯᠠ ᠰᠠᠭᠤᠷᠢᠨ ᠭᠠᠵᠠᠷ

ᠪᠣᠯᠭᠠᠭᠰᠠᠨ ᠪᠠᠶᠢᠨ᠎ᠠ᠃

    ᠣᠳᠣᠬᠠᠨ ᠳᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠨᠢ ᠱᠧᠨᠵᠧᠨ᠂ ᠬᠥᠬᠡᠬᠤᠲᠠ ᠵᠡᠷᠭᠡ

ᠭᠠᠵᠠᠷ ᠤᠨ ᠰᠤᠳᠤᠯᠤᠨ ᠰᠤᠷᠤᠯᠴᠠᠬᠤ ᠠᠩᠭᠢ ᠶᠢ ᠨᠢᠭᠡᠨᠲᠡ 5 ᠬᠤᠭᠤᠴᠠᠭ᠎ᠠ 400 ᠭᠠᠷᠤᠢ ᠬᠥᠮᠥᠨ ᠳᠠᠭᠠᠭᠠᠴᠢᠯᠠᠨ

ᠡᠷᠭᠢᠯᠡᠵᠦ᠂ ︽ᠤᠯᠠᠭᠠᠨ ᠪᠢᠴᠢᠭ ᠤᠨ ᠪᠣᠭᠴᠣ · ᠬᠢᠯᠢ ᠶᠢᠨ ᠠᠶᠠᠯᠠᠯ︾ ᠵᠡᠷᠭᠡ ᠵᠠᠯᠠᠭᠤᠴᠤᠳ ᠪᠠᠭᠠᠴᠤᠳ ᠤᠨ

ᠬᠤᠪᠢᠰᠬᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠢ 5 ᠬᠤᠭᠤᠴᠠᠭ᠎ᠠ 500 ᠭᠠᠷᠤᠢ ᠬᠥᠮᠥᠨ ᠥᠷᠨᠢᠭᠦᠯᠵᠦ᠂

ᠡᠯ᠎ᠡ ᠨᠢᠭᠡᠴᠢ ᠶᠢᠨ ᠰᠠᠯᠠᠭ᠎ᠠ ᠮᠥᠴᠢᠷ ᠤᠳ ᠭᠤᠣᠯ ᠰᠡᠳᠦᠪᠲᠦ ᠨᠠᠮ ᠤᠨ ᠡᠳᠦᠷ ᠵᠢᠴᠢ ᠨᠠᠮᠴᠢ ᠴᠢᠨᠠᠷ ᠤᠨ

ᠬᠥᠮᠦᠵᠢᠯ ᠤᠨ ᠠᠵᠢᠯᠯᠠᠭ᠎ᠠ ᠶᠢ 30 ᠭᠠᠷᠤᠢ ᠬᠤᠭᠤᠴᠠᠭ᠎ᠠ 1200 ᠭᠠᠷᠤᠢ ᠬᠥᠮᠥᠨ ᠥᠷᠨᠢᠭᠦᠯᠵᠦ᠂ ᠪᠠᠶᠢᠭᠠᠯᠢᠯᠢᠭ

ᠲᠠᠯ᠎ᠠ ᠨᠤᠲᠤᠭ ᠤᠨ ᠵᠢᠭᠤᠯᠴᠢᠯᠠᠯ ᠢ 3 ᠲᠦᠮᠡ ᠭᠠᠷᠤᠢ ᠬᠥᠮᠥᠨ ᠲᠣᠭᠤᠷᠢᠨ ᠦᠵᠡᠪᠡ᠃

    ᠰᠣᠶᠣᠯ ᠤᠨ ᠢᠲᠡᠭᠡᠯ ᠪᠣᠯ ᠦᠨᠳᠦᠰᠦᠲᠡᠨ ᠤ ᠬᠦᠴᠦᠨ ᠢ ᠨᠢᠭᠲᠠᠷᠠᠭᠤᠯᠵᠤ᠂ ᠬᠤᠶᠢᠰᠢᠳᠠ ᠤᠯᠠᠭᠠᠢ

ᠬᠠᠮᠢᠶᠠᠷᠤᠯᠲᠠ ᠶᠢᠨ ᠣᠷᠣᠨ ᠦᠷᠭᠦᠯᠵᠢᠯᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ ᠤᠨ

ᠰᠣᠶᠣᠯ ᠪᠣᠯᠣᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠤᠯᠠᠮᠵᠢᠯᠠᠨ ᠬᠥᠭᠵᠢᠭᠦᠯᠬᠦ ᠪᠠᠷ ᠤᠳᠤᠷᠢᠳᠤᠮᠵᠢ

ᠪᠣᠯᠭᠠᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠡᠯ᠎ᠡ

ᠦᠵᠡᠮᠵᠢ ᠶᠢᠨ ᠣᠷᠣᠨ ᠢ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠳᠠᠭᠠᠭᠤᠯᠵᠤ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠪᠠᠬᠢ ᠦᠢᠯᠡᠳᠦᠯᠴᠡᠬᠦ

ᠲᠠᠪᠴᠠᠩ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠡᠶ᠎ᠡ ᠵᠣᠬᠢᠴᠠᠩᠭᠤᠢ ᠭᠡᠷ ᠣᠷᠣᠨ ᠪᠣᠯᠭᠠᠨ ᠪᠠᠶᠢᠭᠤᠯᠬᠤ ᠪᠠᠷ

ᠴᠢᠷᠮᠠᠶᠢᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠲᠠᠯ᠎ᠠ ᠨᠤᠲᠤᠭ ᠲᠤ ᠨᠠᠩ ᠥᠩᠭᠡ ᠢᠯᠭᠠᠷᠠᠮ᠎ᠠ

ᠳᠡᠯᠭᠡᠷᠡᠭᠦᠯᠦᠨ᠎ᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号