ᠬᠥᠳᠡᠭᠡ ᠲᠣᠰᠭᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠠᠶᠠᠯᠠᠵᠤ᠂ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠲᠣᠣᠷ ᠢ ᠲᠡᠭᠦᠯᠳᠡᠷᠵᠢᠭᠦᠯᠵᠦ᠂ ᠲᠡᠭᠷᠢ ᠶᠢᠨ ᠬᠢᠵᠠᠭᠠᠷ ᠤᠨ ᠲᠠᠯ᠎ᠠ ᠨᠤᠲᠤᠭ ᠢ ᠨᠡᠪᠲᠡᠷᠡᠭᠦᠯᠬᠦ︽ᠰᠢᠯᠦᠭ ᠪᠠ ᠠᠯᠤᠰ ᠤᠨ ᠲᠡᠷᠬᠡᠯ︾
ᠨᠡᠶᠢᠲᠡᠯᠡᠭᠰᠡᠨ ᠴᠠᠭ᠄
2024/6/12

    ᠭᠠᠵᠠᠷ ᠣᠷᠣᠨ ᠤ ᠬᠥᠭᠵᠢᠯᠲᠡ ᠨᠢ ᠵᠠᠮ ᠲᠠᠢ ᠨᠢᠭᠲᠠ ᠬᠤᠯᠪᠣᠭ᠎ᠠ ᠲᠠᠢ᠂ ᠬᠤᠲᠠ ᠬᠥᠳᠡᠭᠡ ᠶᠢ

ᠠᠭᠤᠰᠤᠯᠴᠠᠭᠤᠯᠤᠨ᠂ ᠵᠠᠮ ᠤᠨ ᠲᠣᠣᠷ ᠢ ᠰᠠᠭᠠᠳ ᠦᠭᠡᠢ ᠨᠡᠪᠲᠡᠷᠡᠭᠦᠯᠬᠦ ᠪᠣᠯ ᠵᠠᠩᠭᠢᠯᠠᠭ᠎ᠠ ᠪᠣᠯᠣᠨ᠎ᠠ᠃ ᠲᠦᠷᠦᠭᠦᠬᠡᠨ᠂

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 2023

ᠣᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠬᠢᠷᠢ

ᠲᠦᠪᠰᠢᠨ ᠤ ᠲᠠᠰ ᠤᠨ ᠲᠤᠬᠠᠢ ᠵᠠᠷᠯᠠᠯ ᠢ ᠨᠡᠶᠢᠲᠡᠯᠡᠵᠦ᠂ ᠤᠯᠠᠭᠠᠢ ᠬᠠᠮᠢᠶᠠᠷᠤᠯᠲᠠ ᠶᠢᠨ ᠣᠷᠣᠨ ᠨᠡᠷᠡᠰ ᠤᠨ

ᠵᠢᠭᠰᠠᠭᠠᠯᠲᠠ ᠳᠤ ᠣᠷᠣᠵᠤ᠂ 5A ᠲᠠᠰ ᠤᠨ ᠴᠣᠯᠠ ᠭᠥᠷᠳᠡᠪᠡ᠃

    ᠥᠷᠭᠡᠨ ᠠᠭᠤᠳᠠᠮ ᠤᠯᠠᠭᠠᠢ  ᠶᠢᠨ ᠲᠠᠯ᠎ᠠ ᠨᠤᠲᠤᠭ ᠲᠤ ᠨᠢᠭᠡᠨ ᠵᠤᠷᠪᠤᠰ ᠮᠣᠷᠦ᠋ᠢᠯᠠᠭᠰᠠᠨ ᠵᠠᠰᠠᠮᠠᠯ ᠵᠠᠮ ᠨᠢ

ᠬᠤᠳᠠ ᠬᠥᠳᠡᠭᠡ ᠶᠢᠨ ᠬᠤᠭᠤᠷᠣᠨᠳᠣᠬᠢ ᠠᠭᠤᠰᠤᠯᠴᠠᠯ ᠶᠠᠪᠤᠯᠴᠠᠭ᠎ᠠ ᠨᠢ ᠰᠢᠨ᠎ᠡ ᠠᠵᠠ ᠲᠣᠬᠢᠶᠠᠯ ᠪᠣᠯᠣᠨ ᠬᠦᠰᠡᠯ

ᠡᠷᠡᠮᠡᠯᠵᠡᠯ ᠲᠠᠢ ᠬᠤᠯᠪᠣᠯᠳᠤᠵᠤ ᠪᠠᠶᠢᠨ᠎ᠠ᠃ ︽ᠥᠩᠭᠡᠷᠡᠭᠰᠡᠨ ᠳᠤ ᠠᠳᠡᠬᠢ ᠵᠠᠰᠠᠮᠠᠯ ᠵᠠᠮ ᠨᠢ ᠴᠥᠮ ᠬᠤᠲᠣᠭᠤᠷ ᠭᠠᠵᠠᠷ

ᠪᠠᠶᠢᠵᠤ᠂ ᠪᠠᠶᠠᠨᠬᠤᠰᠢᠭᠤ ᠪᠠᠯᠭᠠᠰᠤᠨ ᠳᠤ ᠤᠤᠯ ᠨᠢ ᠨᠢᠭᠡ ᠴᠠᠭ ᠠᠶᠠᠯᠠᠵᠤ ᠪᠠᠶᠢᠭᠰᠠᠨ ᠦᠭᠡᠢ᠂ ᠨᠢᠭᠡ ᠴᠦ ᠴᠠᠭ

ᠬᠠᠭᠠᠰ ᠬᠦᠷᠴᠦ ᠳᠡᠶᠢᠯᠬᠦ ᠦᠭᠡᠢ᠂ ᠪᠠᠰᠠ ᠴᠤ ᠲᠡᠷᠭᠡ ᠰᠦᠢᠳᠬᠡᠯ  ᠬᠤᠷᠢᠶᠠᠬᠤ  ᠬᠥᠮᠥᠨ ᠦᠭᠡᠢ᠃ ᠣᠳᠣ ᠰᠢᠨ᠎ᠡ

ᠵᠠᠰᠠᠮᠠᠯ ᠵᠠᠮ ᠢ ᠵᠠᠰᠠᠵᠤ ᠪᠠᠷᠠᠪᠠᠯ᠂ ᠪᠢᠳᠡ ᠭᠠᠳᠠᠭᠰᠢ ᠭᠠᠷᠬᠤ ᠳᠤ ᠪᠦᠷ ᠲᠥᠬᠦᠮ᠂ ᠤᠳᠠᠭ᠎ᠠ ᠪᠦᠷᠢ ᠡᠨᠡ ᠵᠠᠰᠠᠮᠠᠯ ᠵᠠᠮ

ᠳᠡᠭᠡᠷ᠎ᠡ ᠲᠡᠷᠭᠡ ᠵᠢᠯᠣᠭᠤᠳᠤᠨ᠎ᠠ᠂ ᠰᠡᠳᠬᠢᠯ ᠰᠠᠨᠠᠭ᠎ᠠ ᠪᠠᠰᠠ ᠲᠤᠩ ᠲᠠᠭᠠᠯᠠᠮᠵᠢᠲᠠᠢ᠃ ᠬᠡᠰᠡᠭ ᠠᠭᠤᠯᠠ ᠮᠠᠯᠵᠢᠯ ᠤᠨ

ᠲᠠᠯᠠᠪᠠᠢ ᠶᠢᠨ ᠠᠷᠠᠳ ᠪᠠᠶᠠᠷᠲᠠᠢ ᠪᠠᠷ ᠰᠤᠷᠪᠤᠯᠵᠢᠯᠠᠭᠴᠢ ᠳᠤ ᠬᠡᠯᠡᠪᠡ᠃

    ᠨᠢᠭᠡ ᠵᠤᠷᠪᠤᠰ ︽ᠳᠥᠷᠪᠡᠨ ᠰᠠᠶᠢᠨ︾ ᠬᠥᠳᠡᠭᠡ ᠲᠣᠰᠬᠤᠨ ᠤ ᠵᠠᠮ᠂ ᠨᠢᠭᠡ ᠭᠠᠵᠠᠷ ᠪᠣᠯᠭᠠᠨ ᠳᠤ ᠥᠷᠭᠡᠨ

ᠭᠤᠣᠯ ᠵᠠᠮ᠂ ᠨᠢᠭᠡ  ᠰᠠᠭᠤᠷᠢ  ᠥᠭᠡᠷᠡᠴᠢᠯᠡᠭᠰᠡᠨ  ᠤ  ᠳᠠᠷᠠᠭᠠᠬᠢ ᠬᠥᠭᠦᠷᠭᠡ ᠁ ᠵᠠᠮ ᠤᠨ ᠲᠣᠣᠷ ᠰᠠᠭᠠᠳ

ᠦᠭᠡᠢ ᠨᠡᠪᠲᠡᠷᠡᠭᠰᠡᠨ ᠤ ᠳᠠᠷᠠᠭ᠎ᠠ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠴᠠᠭ ᠲᠤᠬᠠᠢ ᠳᠤᠨᠢ ᠬᠠᠷᠢᠭᠤᠯᠲᠠ

ᠥᠭᠴᠦ᠂ ᠨᠢᠭᠡ ᠰᠡᠳᠬᠢᠯ ᠢᠶᠠᠷ ᠠᠷᠠᠳ ᠲᠦᠮᠡᠨ ᠤ ᠲᠥᠯᠥᠭᠡ ᠠᠵᠢᠯ  ᠶᠠᠪᠤᠳᠠᠯ  ᠬᠢᠬᠦ  ᠶᠢᠨ ᠪᠣᠳᠠᠲᠠᠢ  ᠢᠯᠡᠷᠡᠯ

ᠪᠣᠯᠣᠨ᠎ᠠ᠃ ᠤᠯᠠᠭᠠᠢ ᠬᠠᠮᠢᠶᠠᠷᠤᠯᠲᠠ ᠶᠢᠨ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ

ᠬᠠᠮᠢᠶᠠᠷᠤᠯᠲᠠ ᠶᠢᠨ ᠣᠷᠣᠨ ᠤ ᠠᠵᠤ ᠠᠬᠤᠢ ᠨᠡᠶᠢᠭᠡᠮ ᠦᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂

ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠱᠢᠭᠤᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠮ ᠬᠠᠷᠢᠯᠴᠠᠭᠠᠨ ᠤ

ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ 2023 ᠣᠨ ᠤ ᠰᠡᠭᠦᠯᠴᠢ

ᠪᠣᠯᠲᠠᠯ᠎ᠠ᠂ ᠬᠠᠮᠢᠶᠠᠷᠤᠯᠲᠠ ᠶᠢᠨ ᠣᠷᠣᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠶᠡᠷᠦᠩᠬᠡᠢ ᠤᠷᠲᠤ 622.189

ᠺᠢᠯᠣᠮᠧᠲᠷ ᠲᠤ ᠬᠦᠷᠴᠦ᠂ ᠵᠠᠰᠠᠮᠠᠯ ᠵᠠᠮ ᠤᠨ ᠲᠣᠣᠷ ᠤᠨ ᠨᠢᠭᠲᠠᠴᠠ ᠨᠢ 12.37 ᠺᠢᠯᠣᠮᠧᠲᠷ / ᠵᠠᠭᠤᠨ ᠲᠡᠭᠱᠢ

ᠳᠥᠷᠪᠡᠯᠵᠢᠨ ᠺᠢᠯᠣᠮᠧᠲᠷ ᠲᠤ ᠬᠦᠷᠪᠡ᠃

ᠬᠠᠮᠢᠶᠠᠷᠤᠯᠲᠠ ᠶᠢᠨ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠳᠲᠡᠷ ᠲᠦᠷᠭᠡᠨ ᠬᠥᠭᠵᠢᠬᠦ ᠶᠢ

ᠳᠠᠭᠠᠯᠳᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠥᠬᠦ ᠬᠦᠴᠦᠨ ᠢᠶᠠᠷ ᠢᠶᠠᠨ ᠬᠥᠳᠡᠭᠡ

ᠲᠣᠰᠬᠤᠨ ᠤ ᠵᠢᠭᠤᠯᠴᠢᠯᠠᠯ ᠤᠨ ᠣᠨᠴᠠᠯᠢᠭᠲᠤ ᠵᠠᠮ ᠱᠤᠭᠤᠮ ᠢ ᠴᠣᠭᠴᠠᠯᠠᠵᠤ᠂ ᠲᠠᠰᠤᠷᠠᠯᠲᠠ ᠦᠭᠡᠢ ᠴᠢᠩᠭᠠᠳᠬᠠᠨ᠂

ᠴᠡᠪᠡᠷᠰᠢᠭᠦᠯᠬᠦ᠂ ᠨᠣᠭᠤᠭᠠᠷᠠᠭᠤᠯᠬᠤ᠂ ᠭᠤᠶᠣᠯᠠᠬᠤ ᠵᠠᠮ ᠤᠨ ᠲᠣᠣᠷ ᠤᠨ ᠢᠨᠵᠧᠨᠧᠷᠢᠩ ᠢ ᠲᠠᠰᠤᠷᠠᠯᠲᠠ ᠦᠭᠡᠢ

ᠴᠢᠩᠭᠠᠳᠬᠠᠵᠤ᠂ ᠰᠣᠯᠣᠩᠭᠠᠨ ᠵᠠᠰᠠᠮᠠᠯ ᠵᠠᠮ ᠢ ᠵᠠᠰᠠᠨ ᠪᠠᠶᠢᠭᠤᠯᠵᠤ ᠵᠠᠰᠠᠮᠠᠯ ᠵᠠᠮ ᠤᠨ ᠣᠨᠴᠠᠯᠢᠭᠲᠤ ︽ᠪᠢᠴᠢᠯ

ᠦᠵᠡᠮᠵᠢ︾ ᠶᠢ ᠴᠣᠭᠴᠠᠯᠠᠵᠤ᠂ ᠵᠠᠮ ᠳᠠᠭᠠᠤ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠠᠮᠢ ᠠᠬᠤᠢ ᠶᠢᠨ ᠲᠠᠷᠢᠶᠠᠯᠠᠩ

ᠵᠡᠷᠭᠡ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠠᠬᠢᠭᠤᠯᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠢ

ᠳᠠᠶᠢᠴᠢᠯᠠᠨ ᠬᠠᠮᠲᠤ ᠪᠠᠷ ᠪᠠᠶᠠᠵᠢᠭᠤᠯᠪᠠ᠃

    ᠵᠠᠮ ᠤᠨ ᠰᠦᠯᠵᠢᠶ᠎ᠡ ᠰᠠᠭᠠᠳ ᠦᠭᠡᠢ ᠨᠡᠪᠲᠡᠷᠡᠬᠦ ᠶᠢᠨ ᠵᠠᠩᠭᠢᠯᠠᠭ᠎ᠠ ᠪᠣᠯ ᠠᠷᠠᠳ ᠲᠤ ᠳᠥᠭᠦᠮ ᠦᠵᠡᠭᠦᠯᠦᠨ᠎ᠡ᠃

ᠣᠶᠢᠷ᠎ᠠ ᠶᠢᠨ ᠵᠢᠯ ᠠᠴᠠ ᠨᠠᠭᠠᠰᠢ᠂ ᠬᠠᠮᠢᠶᠠᠷᠤᠯᠲᠠ ᠶᠢᠨ ᠣᠷᠣᠨ ᠤ ︽ᠬᠤᠲᠠ ᠶᠢᠨ ᠬᠤᠭᠤᠷᠣᠨᠳᠣᠬᠢ᠂ ᠬᠤᠲᠠ ᠬᠥᠳᠡᠭᠡ︾

 ᠶᠢᠨ ᠣᠯᠠᠨ ᠨᠡᠶᠢᠲᠡ ᠶᠢᠨ ᠠᠶᠠᠨᠴᠢᠨ ᠤ ᠲᠡᠭᠡᠭᠡᠪᠦᠷᠢ  ᠶᠢᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ

ᠰᠢᠯᠢᠳᠡᠭᠵᠢᠭᠦᠯᠵᠦ᠂ ᠲᠡᠷᠭᠡ ᠨᠡᠪᠲᠡᠷᠡᠬᠦ ᠬᠡᠪᠴᠢᠶ᠎ᠡ ᠶᠢ ᠭᠤᠷᠪᠠᠨ ᠲᠠᠯᠠᠪᠠᠢ ᠨᠢᠭᠡ ᠪᠠᠯᠭᠠᠰᠤ ᠶᠢ ᠬᠠᠮᠤᠷᠴᠤ᠂

ᠪᠠᠶᠢᠭᠤᠯᠤᠯᠲᠤ ᠲᠣᠰᠬᠤᠨ ᠳᠤ ᠠᠶᠠᠨᠴᠢᠨ ᠤ ᠮᠠᠰᠢᠨ ᠲᠡᠷᠭᠡ ᠨᠡᠪᠲᠡᠷᠡᠬᠦ ᠨᠣᠷᠮ᠎ᠠ ᠶᠢ 100% ᠳᠤ ᠬᠦᠷᠭᠡᠪᠡ᠃

ᠡᠭᠦᠨ ᠤ ᠬᠠᠮᠲᠤ᠂ ᠪᠣᠢ ᠪᠦᠬᠦᠢ ᠲᠡᠷᠭᠡ ᠬᠥᠰᠬᠡ ᠳᠤ GPS ᠳᠠᠭᠠᠭᠤᠯᠢ ᠣᠳᠣᠨ ᠤ ᠪᠠᠶᠢᠷᠢ ᠲᠣᠭᠲᠠᠭᠠᠬᠤ

ᠰᠢᠰᠲ᠋ᠧᠮ ᠤᠭᠰᠠᠷᠠᠵᠤ᠂ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠢ ᠬᠢᠨᠠᠯᠲᠠ

ᠬᠠᠮᠢᠶᠠᠷᠤᠯᠲᠠ ᠪᠠ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠪᠡᠶᠡᠯᠡᠭᠦᠯᠵᠦ᠂ ᠬᠠᠮᠢᠶᠠᠷᠤᠯᠲᠠ ᠶᠢᠨ ᠣᠷᠣᠨ ᠢᠶᠠᠷ

ᠲᠥᠪ ᠪᠣᠯᠭᠠᠭᠰᠠᠨ᠂ ᠪᠠᠯᠭᠠᠰᠤ ᠲᠠᠯᠠᠪᠠᠶ ᠪᠠᠷ ᠵᠠᠩᠭᠢᠯᠠᠭ᠎ᠠ ᠶᠢᠨ ᠴᠡᠭ ᠪᠣᠯᠭᠠᠭᠰᠠᠨ᠂ ᠪᠠᠶᠢᠭᠤᠯᠤᠯᠲᠠ ᠲᠠᠢ ᠲᠣᠰᠬᠤᠨ ᠤ

ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠣᠣᠷ ᠢ ᠠᠩᠬ᠎ᠠ ᠠᠯᠬᠤᠮ ᠪᠦᠷᠢᠯᠳᠦᠭᠦᠯᠵᠡᠢ᠃

    ᠣᠳᠣᠬᠠᠨ ᠳᠤ᠂ ᠤᠯᠠᠭᠠᠢ ᠬᠠᠮᠢᠶᠠᠷᠤᠯᠲᠠ ᠶᠢᠨ ᠣᠷᠣᠨ ᠨᠢ ᠶᠠᠭ ᠬᠥᠬᠡ ᠴᠢᠨ᠋ᠸ᠎ᠠ ᠶᠢᠨ ᠨᠢᠭᠤᠴᠠ ᠣᠷᠣᠨ᠂

ᠲᠡᠭᠷᠢ ᠶᠢᠨ ᠬᠢᠵᠠᠭᠠᠷ ᠤᠨ ᠲᠠᠯ᠎ᠠ ᠨᠤᠲᠤᠭ ᠲᠤ ᠲᠤᠰᠭᠠᠢ ᠬᠠᠷᠢᠶᠠᠯᠠᠭᠳᠠᠬᠤ︽ᠰᠢᠯᠦᠭ ᠪᠠ ᠠᠯᠤᠰ ᠤᠨ ᠬᠦᠰᠡᠯ ᠢ ᠪᠦᠬᠦ

ᠬᠦᠴᠦᠨ ᠢᠶᠠᠷ ᠪᠠᠶᠢᠭᠤᠯᠵᠤ ᠬᠤᠲᠠ ᠬᠥᠳᠡᠭᠡ ᠰᠠᠭᠠᠳ ᠦᠭᠡᠢ ᠨᠡᠪᠲᠡᠷᠡᠬᠦ᠂ ᠠᠮᠤᠷ ᠲᠦᠪᠰᠢᠨ ᠪᠥᠭᠡᠳ ᠪᠣᠬᠢᠷᠲᠤᠯ

ᠦᠭᠡᠢ ᠨᠢᠭᠡ ᠴᠣᠭᠴᠠᠵᠢᠭᠰᠠᠨ ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠵᠤ

ᠪᠠᠶᠢᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号