ᠤᠯᠤᠰ ᠤᠨ ᠲᠤᠭ ᠨᠢ ᠬᠢᠯᠢ ᠶᠢᠨ ᠪᠣᠭᠤᠮᠲᠠ ᠪᠠᠨ ᠭᠡᠶᠢᠭᠦᠯᠦᠨ᠎ᠡ᠂ ᠤᠯᠠᠭᠠᠢ ᠬᠠᠮᠢᠶᠠᠷᠤᠯᠲᠠ ᠶᠢᠨ ᠣᠷᠣᠨ᠄ᠤᠯᠠᠭᠠᠨ ᠲᠠᠯ᠎ᠠ ᠶᠢᠨ ᠤᠯᠤᠰ ᠤᠨ ᠲᠤᠭ ᠨᠡᠩ ᠭᠢᠯᠠᠯᠵᠠᠨ᠎ᠠ
ᠨᠡᠶᠢᠲᠡᠯᠡᠭᠰᠡᠨ ᠴᠠᠭ᠄
2024/6/12

    ︽ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ᠂ ᠦᠵᠡᠰᠬᠦᠯᠡᠩᠲᠦ ᠰᠠᠶᠢᠬᠠᠨ ᠪᠥᠭᠡᠳ ᠥᠷᠭᠡᠨ ᠠᠭᠤᠳᠠᠮ

ᠲᠠᠯ᠎ᠠ ᠨᠤᠲᠤᠭ - ᠤᠯᠠᠭᠠᠢ ᠲᠠᠯ᠎ᠠ ᠨᠤᠲᠤᠭ ᠲᠠᠢ᠂ ᠠᠳᠡᠬᠢ ᠨᠢ ᠲᠡᠭᠷᠢ ᠶᠢᠨ ᠬᠠᠶᠠᠭᠠᠨ ᠤ ᠲᠠᠯ᠎ᠠ ᠨᠤᠲᠤᠭ᠂ ᠠᠮᠢ

ᠠᠬᠤᠢ ᠶᠢᠨ ᠲᠠᠯ᠎ᠠ ᠨᠤᠲᠤᠭ ᠪᠣᠯᠬᠤ ᠪᠠᠷ ᠪᠠᠷᠠᠬᠤ ᠦᠭᠡᠢ᠂ ᠨᠠᠩ ᠴᠤ ᠥᠪᠥᠷ ᠮᠣᠩᠭᠤᠯ ᠤᠨ ᠦᠢᠯᠡᠳᠪᠦᠷᠢᠯᠡᠯ

ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠬᠤᠷᠢᠶ᠎ᠠ ᠶᠢᠨ ᠵᠢᠷᠭᠤᠳᠤᠭᠠᠷ ᠳ᠋ᠢᠸᠢᠽᠢ ᠶᠢᠨ ᠬᠡᠷᠡᠯ ᠰᠠᠴᠤᠷᠠᠩᠭᠤᠢ ᠲᠡᠦᠬᠡ

ᠪᠠ ︽ᠡᠬᠡ ᠤᠯᠤᠰ ᠢᠶᠠᠨ ᠬᠠᠶᠢᠷᠠᠯᠠᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠬᠠᠷᠠᠮ ᠦᠭᠡᠢ ᠵᠢᠳᠬᠦᠬᠦ︾

ᠴᠡᠷᠢᠭ ᠤᠨ

ᠬᠤᠷᠢᠶ᠎ᠠ‌‍ᠶᠢᠨ ᠵᠣᠷᠢᠭ ᠰᠠᠨᠠᠭ᠎ᠠ ᠶᠢ ᠠᠴᠢᠶᠠᠯᠠᠵᠤ ᠪᠠᠶᠢᠭ᠎ᠠ ᠬᠤᠪᠢᠰᠬᠠᠯᠲᠤ ᠲᠠᠯ᠎ᠠ ᠨᠤᠲᠤᠭ ᠪᠣᠯᠣᠨ᠎ᠠ᠃

    ᠣᠶᠢᠷ᠎ᠠ ᠳᠤ᠂︽ᠤᠯᠤᠰ ᠤᠨ ᠲᠤᠭ ᠨᠢ ᠬᠢᠯᠢ ᠶᠢᠨ ᠪᠣᠭᠤᠮᠲᠠ ᠪᠠᠨ ᠭᠡᠶᠢᠭᠦᠯᠦᠨ᠎ᠡ︾ ᠭᠡᠬᠦ ᠠᠵᠢᠯᠯᠠᠭ᠎ᠠ ᠤᠯᠠᠭᠠᠢ

ᠬᠠᠮᠢᠶᠠᠷᠤᠯᠲᠠ ᠶᠢᠨ ᠲᠣᠭᠤᠷᠢᠭ ᠲᠤ ᠢᠳᠡᠪᠬᠢᠲᠡᠢ ᠥᠷᠨᠢᠭᠦᠯᠵᠦ᠂ ᠵᠡᠭᠡᠯᠢ ᠳᠠᠭᠠᠤ ᠳᠡᠯᠭᠡᠭᠦᠷ ᠨᠢ ᠲᠠᠪᠤᠨ ᠣᠳᠣᠲᠤ

ᠤᠯᠠᠭᠠᠨ ᠲᠤᠭ ᠡᠯᠭᠦᠵᠡᠢ᠃ᠤᠯᠠᠭᠠᠢ ᠬᠠᠮᠢᠶᠠᠷᠤᠯᠲᠠ ᠶᠢᠨ ᠣᠷᠣᠨ ᠤ ᠵᠡᠭᠡᠯᠢ ᠭᠤᠳᠤᠮᠵᠢ ᠶᠢ ᠭᠡᠶᠢᠭᠦᠯᠦᠨ ᠭᠡᠶᠢᠭᠦᠯᠪᠡ᠃

    ᠬᠠᠮᠢᠶᠠᠷᠤᠯᠲᠠ ᠶᠢᠨ ᠣᠷᠣᠨ ᠤ ᠴᠡᠷᠢᠭ ᠤᠨ ᠬᠤᠷᠢᠶ᠎ᠠ‌‍ᠶᠢᠨ ᠴᠡᠴᠡᠷᠯᠢᠭ ᠲᠤ ᠣᠷᠣᠬᠤ ᠳᠤ᠂ ᠦᠵᠡᠮᠵᠢ ᠶᠢᠨ

ᠪᠠᠭᠠᠨ᠎ᠠ᠂ ᠱᠤᠭᠤᠮᠠᠯ ᠵᠡᠷᠭᠡ ᠪᠠᠷᠢᠯᠭ᠎ᠠ ᠡᠮᠬᠢ ᠴᠡᠭᠴᠡ ᠲᠠᠢ ᠶᠠᠪᠤᠭᠳᠠᠵᠤ᠂ ᠲᠠᠪᠤᠨ ᠣᠳᠣᠲᠤ ᠤᠯᠠᠭᠠᠨ ᠲᠤᠭ ᠲᠠᠢ

ᠭᠢᠯᠠᠯᠵᠠᠨ᠎ᠠ᠃ ᠨᠢᠭᠡᠨ ᠬᠡᠷᠡᠯᠳᠦ ᠴᠠᠮᠬᠠᠭ ᠭᠤᠣᠯ ᠠᠭᠤᠳᠠᠮ ᠲᠠᠯᠠᠪᠠᠢ ᠳᠤ ᠰᠦᠨᠳᠡᠷᠯᠡᠵᠦ᠂ ᠥᠨᠳᠥᠷ ᠨᠢ 69 ᠲᠣᠬᠤᠢ᠂

ᠥᠪᠥᠷ ᠮᠣᠩᠭᠤᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠬᠤᠷᠢᠶ᠎ᠠ‌‍ᠶᠢᠨ ᠵᠢᠷᠭᠤᠳᠤᠭᠠᠷ

ᠳ᠋ᠢᠸᠢᠽᠢ ᠶᠢᠨ 69 ᠵᠢᠯ ᠳᠤ ᠪᠠᠶᠢᠭᠤᠯᠤᠭᠳᠠᠪᠠ︔ ᠳᠤᠭᠤᠢ ᠬᠡᠯᠪᠡᠷᠢᠲᠦ ᠬᠡᠷᠡᠮ ᠨᠢ ᠠᠭᠤᠳᠠᠮ ᠲᠠᠯᠠᠪᠠᠢ ᠶᠢ ᠲᠣᠭᠤᠷᠢᠨ

ᠦᠵᠡᠵᠦ᠂ ᠪᠠᠶᠢᠯᠳᠤᠭᠴᠢ ᠪᠣᠯᠣᠨ ᠰᠡᠬᠡᠭᠡᠲᠡᠳ ᠤᠨ ᠡᠬᠡ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠢ ᠰᠠᠬᠢᠨ

ᠬᠠᠮᠠᠭᠠᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃

    ᠲᠡᠦᠬᠡ    ᠶᠢ   ᠴᠡᠭᠡᠵᠢᠯᠡᠵᠦ  ᠂  ᠵᠣᠷᠢᠭ   ᠰᠠᠨᠠᠭ᠎ᠠ   ᠶᠢ   ᠤᠯᠠᠮᠵᠢᠯᠠᠬᠤ   ᠬᠡᠷᠡᠭᠲᠡᠢ᠃ 1969 ᠣᠨ ᠤ

ᠬᠠᠪᠤᠷ ᠲᠦᠷᠦ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ

ᠥᠪᠥᠷ ᠮᠣᠩᠭᠤᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠵᠢᠷᠭᠤᠳᠤᠭᠠᠷ ᠳ᠋ᠢᠸᠢᠽᠢ

ᠵᠢᠩᠬᠢᠨᠢ ᠪᠠᠷ ᠪᠠᠶᠢᠭᠤᠯᠤᠭᠳᠠᠪᠠ᠂ ᠳ᠋ᠢᠸᠢᠽᠢ ᠶᠢᠨ ᠬᠡᠯᠲᠡᠰ ᠤᠨ ᠰᠠᠭᠤᠭ᠎ᠠ ᠭᠠᠵᠠᠷ ᠨᠢ ᠣᠳᠣ ᠶᠢᠨ ᠤᠯᠠᠭᠠᠢ

ᠬᠠᠮᠢᠶᠠᠷᠤᠯᠲᠠ ᠶᠢᠨ ᠣᠷᠣᠨ ᠤ ᠪᠠᠶᠠᠨᠬᠤᠰᠢᠭᠤ ᠪᠠᠯᠭᠠᠰᠤᠨ ᠳᠤ ᠪᠠᠶᠢᠭᠤᠯᠤᠭᠳᠠᠪᠠ᠃ ᠴᠡᠷᠢᠭ ᠤᠨ ᠬᠤᠷᠢᠶ᠎ᠠ‌‍ᠶ᠊ ᠳᠤ

ᠪᠠᠢᠭᠤᠯᠤᠭᠳᠠᠭᠰᠠᠨ ᠵᠢᠷᠭᠤᠭᠠᠨ ᠵᠢᠯ ᠤᠨ ᠳᠣᠲᠣᠷ᠎ᠠ ᠦᠢᠯᠡᠳᠪᠦᠷᠢᠯᠡᠯ ᠢ ᠠᠳᠬᠤᠨ᠂ ᠪᠦᠲᠦᠭᠡᠨ ᠪᠠᠢᠭᠤᠯᠤᠯᠲᠠ ᠬᠢᠵᠦ

᠂ ᠭᠠᠵᠠᠷ ᠣᠷᠣᠨ ᠤ ᠦᠢᠯᠡᠳᠪᠦᠷᠢᠯᠡᠯ ᠤᠨ ᠬᠦᠴᠦᠨ ᠲᠦᠷᠭᠡᠨ ᠬᠥᠭᠵᠢᠵᠦ᠂ ᠰᠤᠷᠭᠠᠨ ᠬᠥᠮᠦᠵᠢᠯ᠂ ᠡᠮ

ᠡᠮᠨᠡᠯᠭᠡ ᠶᠢᠨ ᠦᠢᠯᠡᠰ ᠴᠦ ᠲᠦᠷᠭᠡᠨ ᠳᠠᠪᠰᠢᠪᠠ᠃ ᠴᠡᠷᠢᠭ ᠠᠩᠭᠢ ᠶᠢᠨ ᠪᠠᠶᠢᠯᠳᠤᠭᠴᠢᠳ ᠵᠠᠯᠠᠭᠤ ᠨᠠᠰᠤ ᠪᠣᠯᠣᠨ

ᠬᠠᠯᠠᠭᠤᠨ ᠴᠢᠰᠤ ᠪᠠᠨ ᠤᠷᠤᠰᠬᠠᠨ ᠡᠨᠡᠬᠦ ᠨᠤᠲᠤᠭ ᠳᠡᠪᠢᠰᠬᠡᠷ ᠳᠡᠭᠡᠷ᠎ᠡ ᠤᠷᠤᠰᠬᠠᠭᠰᠠᠨ ᠳᠤ ᠭᠦᠨ ᠭᠦᠨᠵᠡᠭᠡᠢ

ᠲᠡᠦᠬᠡᠨ ᠢᠮ ᠲᠠᠮᠠᠭ᠎ᠠ ᠪᠠᠨ ᠦᠯᠡᠳᠡᠭᠡᠵᠡᠢ᠃

    ᠡᠨᠡᠬᠦ ᠣᠨᠴᠠᠭᠠᠢ ᠲᠡᠦᠬᠡᠨ ᠵᠢᠯ ᠢ ᠳᠤᠷᠠᠰᠬᠠᠬᠤ ᠶᠢᠨ ᠲᠥᠯᠥᠭᠡ᠂ ᠤᠯᠠᠭᠠᠢ ᠬᠠᠮᠢᠶᠠᠷᠤᠯᠲᠠ ᠶᠢᠨ ᠣᠷᠣᠨ

ᠬᠤᠪᠢᠰᠬᠠᠯ ᠤᠨ ᠡᠬᠢ ᠪᠠᠶᠠᠯᠢᠭ ᠢ ᠦᠷᠭᠦᠯᠵᠢᠯᠡᠨ ᠠᠭᠤᠳᠠᠯᠬᠤ ᠶᠢᠨ ᠲᠥᠯᠥᠭᠡ᠂ ᠴᠡᠷᠢᠭ ᠤᠨ ᠬᠤᠷᠢᠶ᠎ᠠ‌‍ᠶᠢᠨ

ᠬᠤᠪᠢᠰᠬᠠᠯ ᠤᠨ ᠦᠯᠢᠭᠡᠷ ᠳᠡᠯᠭᠡᠨ ᠦᠵᠡᠭᠦᠯᠬᠦ ᠲᠢᠩᠬᠢᠮ᠂ ᠰᠡᠬᠡᠭᠡᠲᠡᠨ ᠵᠠᠯᠠᠭᠤᠴᠤᠳ ᠤᠨ ᠠᠮᠢᠳᠤᠷᠠᠯ ᠤᠨ ᠪᠠᠶᠠᠳᠠᠨ ᠣᠶᠢᠯᠠᠭᠠᠬᠤ

ᠬᠦᠷᠢᠶᠡᠯᠡᠩ᠂ ᠥᠪᠥᠷ ᠮᠣᠩᠭᠤᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠬᠤᠷᠢᠶ᠎ᠠ‌‍ᠶᠢᠨ ᠲᠡᠦᠬᠡ ᠶᠢᠨ  ᠤᠨ ᠣᠷᠳᠣᠨ ᠵᠡᠷᠭᠡ ᠣᠯᠠᠨ ᠬᠤᠪᠢᠰᠬᠠᠯ ᠤᠨ ᠰᠤᠷᠭᠠᠨ ᠬᠥᠮᠦᠵᠢᠯ ᠦᠨ ᠦᠵᠡᠭᠦᠯᠦᠯᠭᠡ ᠶᠢᠨ ᠲᠢᠩᠬᠢᠮ ᠢ ᠪᠠᠶᠢᠭᠤᠯᠵᠤ᠂ ᠴᠡᠷᠢᠭ ᠤᠨ ᠬᠤᠷᠢᠶ᠎ᠠ‌‍ᠶᠢᠨ ᠪᠠᠶᠢᠯᠳᠤᠭᠴᠢ ᠤᠯᠠᠭᠠᠢ ᠶᠢᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠭᠤᠶᠠᠴᠢ ᠦᠭᠡᠢ ᠬᠤᠪᠢ ᠨᠡᠮᠡᠷᠢ ᠦᠵᠡᠭᠦᠯᠦᠭᠰᠡᠨ ᠢᠷᠠᠭᠤ ᠰᠠᠶᠢᠬᠠᠨ ᠬᠠᠭᠤᠳᠠᠰᠤ ᠶᠢ ᠳᠠᠬᠢᠨ ᠢᠯᠡᠷᠡᠭᠦᠯᠪᠡ᠃

    ᠡᠳᠦᠭᠡ᠂ ᠤᠯᠠᠭᠠᠢ ᠬᠠᠮᠢᠶᠠᠷᠤᠯᠲᠠ ᠶᠢᠨ ᠣᠷᠣᠨ ᠨᠢᠭᠡᠨᠲᠡ ᠤᠯᠤᠰ ᠤᠨ ︽ᠬᠤᠪᠢᠰᠬᠠᠯᠲᠤ ᠲᠠᠯ᠎ᠠ ᠨᠤᠲᠤᠭ︾ ᠤᠨ ᠴᠣᠯᠠ ᠭᠥᠷᠳᠡᠵᠦ᠂ ᠤᠯᠠᠭᠠᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠬᠦ ᠶᠢ ᠵᠣᠷᠢᠭᠵᠢᠭᠤᠯᠵᠤ᠂ ᠡᠨᠡᠬᠦ ᠬᠤᠪᠢᠰᠬᠠᠯ ᠤᠨ ᠳᠤᠷᠠᠰᠤᠮᠵᠢ ᠪᠠᠷ ᠪᠢᠯᠬᠠᠭᠰᠠᠨ ᠭᠠᠵᠠᠷ ᠳᠡᠭᠡᠷ᠎ᠡ ᠴᠡᠷᠢᠭ ᠤᠨ ᠬᠤᠷᠢᠶ᠎ᠠ‌‍ᠶᠢᠨ ᠦᠢᠯᠡ ᠶᠠᠪᠤᠳᠠᠯ᠂ ᠴᠡᠷᠢᠭ ᠤᠨ ᠬᠤᠷᠢᠶ᠎ᠠ‌‍ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ

ᠪᠦᠲᠦᠭᠡᠨ ᠪᠠᠶᠢᠭᠤᠯᠵᠤ ᠪᠠᠶᠢᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号