︽ᠠᠭᠠᠷ ᠤᠨ ᠠᠶᠠᠯᠠᠯ+︾ ᠤᠯᠠᠭᠠᠢ ᠶᠢᠨ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2024/6/12

    ᠰᠢᠯᠢ ᠶᠢᠨ ᠭᠤᠣᠯ ᠠᠶᠢᠮᠠᠭ ᠤᠨ ᠤᠯᠠᠭᠠᠢ ᠬᠠᠮᠢᠶᠠᠷᠤᠯᠲᠠ ᠶᠢᠨ ᠣᠷᠣᠨ ᠠᠴᠠ ᠣᠶᠢᠷ᠎ᠠ ᠬᠠᠪᠢ ᠶᠢᠨ

ᠨᠢᠰᠬᠡᠯ ᠤᠨ ᠪᠠᠭᠤᠳᠠᠯ ︵ᠬᠤᠤᠯᠢᠩᠭᠤᠣᠯ ᠤᠨ ᠨᠢᠰᠬᠡᠯ ᠤᠨ ᠪᠠᠭᠤᠳᠠᠯ ᠠᠴᠠ 55 ᠺᠢᠯᠣᠮᠧᠲᠷ︶  ᠤᠨ ᠳᠠᠪᠠᠭᠤᠯᠢᠭ ᠢ

ᠭᠦᠢᠴᠡᠳ ᠠᠰᠢᠭᠯᠠᠵᠤ᠂ ᠨᠢᠰᠬᠡᠯ ᠤᠨ ᠪᠠᠭᠤᠳᠠᠯ᠂ ᠠᠭᠠᠷ ᠠᠶᠠᠯᠠᠯ ᠤᠨ ᠺᠣᠮᠫᠠᠨᠢ᠂ ᠵᠢᠭᠤᠯᠴᠢᠯᠠᠯ ᠤᠨ ᠬᠤᠷᠢᠶ᠎ᠠ ᠵᠡᠷᠭᠡ

ᠣᠯᠠᠨ ᠲᠠᠯ᠎ᠠ ᠶᠢᠨ ᠬᠠᠮᠲᠤᠷᠠᠯᠴᠠᠭᠠᠨ ᠤ ᠲᠠᠯᠳᠠ ᠬᠦᠴᠦᠨ ᠢ ᠲᠠᠰᠣᠷᠠᠯᠳᠠ ᠦᠭᠡᠢ ᠠᠭᠤᠳᠠᠯᠠᠵᠦ᠂ ᠠᠭᠠᠷ ᠠᠶᠠᠯᠠᠯ ᠤᠨ

ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠤᠯᠠᠭᠠᠢ ᠶᠢᠨ ᠰᠣᠶᠣᠯ

ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠨ᠂ ︽ᠲᠡᠭᠷᠢ ᠶᠢᠨ

ᠬᠢᠵᠠᠭᠠᠷ ᠤᠨ ᠲᠠᠯ᠎ᠠ ᠨᠤᠲᠤᠭ︾ ᠢ ᠠᠯᠤᠰᠯᠠᠭᠤᠯᠬᠤ ᠦᠭᠡᠢ ᠪᠣᠯᠭᠠᠪᠠ᠃

    ᠤᠯᠠᠭᠠᠢ ᠬᠠᠮᠢᠶᠠᠷᠤᠯᠲᠠ ᠶᠢᠨ ᠣᠷᠣᠨ ᠨᠢ ᠬᠤᠤᠯᠢᠩᠭᠤᠣᠯ ᠬᠤᠲᠠ  ᠳᠠᠬᠢ︽ᠬᠤᠶᠠᠷ ᠭᠠᠵᠠᠷ︾ ᠤᠨ

ᠬᠠᠮᠲᠤᠷᠠᠯᠴᠠᠭ᠎ᠠ ᠶᠢ ᠢᠳᠡᠪᠬᠢᠲᠡᠢ  ᠠᠬᠢᠭᠤᠯᠵᠤ  ᠂   ᠪᠡᠭᠡᠵᠢᠩᠬᠤᠤᠯᠢᠩᠭᠤᠣᠯ︵ᠤᠯᠠᠭ ᠠᠢ︶ ᠤᠨ ᠠᠶᠠᠯᠠᠯ ᠤᠨ

ᠱᠤᠭᠤᠮ ᠢ 4 ᠰᠠᠷ᠎ᠠ ᠶᠢᠨ 1  ᠤ ᠡᠳᠦᠷ ᠤᠤᠯ ᠤᠨ ᠤᠯᠠᠷᠢᠯ ᠤᠨ ᠴᠢᠨᠠᠷᠲᠠᠢ ᠵᠢᠭᠤᠯᠴᠢᠯᠠᠯ ᠤᠨ ᠳᠠᠭᠠᠭᠠᠴᠢᠯᠠᠭᠰᠠᠨ

ᠮᠠᠰᠢᠨ ᠢᠶᠠᠷ ᠳᠡᠰ ᠳᠡᠪᠰᠢᠭᠦᠯᠦᠨ ᠪᠦᠬᠦ ᠵᠢᠯ  ᠤᠨ ᠠᠶᠠᠯᠠᠯ ᠨᠡᠪᠲᠡᠷᠡᠵᠦ᠂ ᠪᠡᠭᠡᠵᠢᠩ ᠲᠢᠶᠠᠨᠵᠢᠨ ᠾᠧᠪᠧᠢ ᠶᠢᠨ

ᠵᠤᠭᠠᠴᠠᠭᠰᠠᠳ ᠤᠨ ᠡᠪᠦᠯ ᠵᠤᠨ ᠤ ᠤᠯᠠᠷᠢᠯ ᠢ ᠰᠠᠭᠠᠲᠠᠭᠠᠬᠤ ᠦᠭᠡᠢ

    ᠰᠢᠯᠢ ᠶᠢᠨ ᠬᠤᠲᠠᠬᠤᠤᠯᠢᠩᠭᠤᠣᠯᠤᠯᠠᠭᠠᠢ︶᠂ ᠬᠤᠤᠯᠢᠩᠭᠤᠣᠯᠤᠯᠠᠭᠠᠢ︶ - ᠲᠦᠩᠯᠢᠶᠣᠣ ᠶᠢᠨ

ᠬᠤᠶᠠᠷ ᠵᠤᠷᠪᠤᠰ︽ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ︾ ᠠᠶᠠᠯᠠᠯ ᠤᠨ ᠱᠤᠭᠤᠮ ᠤᠨ ᠲᠥᠷᠥᠯ

ᠵᠦᠢᠯ ᠢ 3 ᠰᠠᠷ᠎ᠠ ᠶᠢᠨ 31  ᠤ ᠡᠳᠦᠷ ᠠᠴᠠ ᠡᠬᠢᠯᠡᠨ ᠡᠬᠢᠯᠡᠭᠦᠯᠵᠦ᠂ ᠨᠡᠶᠢᠲᠡ 3 ᠰᠠᠯᠪᠤᠷᠢ ᠱᠤᠭᠤᠮ ᠤᠨ ᠨᠢᠰᠬᠡᠯ

ᠦᠨ ᠪᠠᠭᠤᠳᠠᠯ ᠢ ᠬᠤᠯᠪᠣᠵᠤ᠂ ᠤᠯᠠᠭᠠᠢ ᠵᠢᠭᠤᠯᠴᠢᠯᠠᠯ ᠤᠨ ᠱᠤᠭᠤᠮ ᠪᠠᠶᠢᠭᠤᠯᠬᠤ ᠳᠤ ᠨᠡᠩ ᠣᠯᠠᠨ ᠨᠥᠬᠦᠴᠡᠯ ᠢ

ᠡᠭᠦᠳᠴᠦ ᠥᠭᠴᠡᠢ᠃

   ᠤᠯᠠᠭᠠᠢ ᠶᠢᠨ ᠵᠢᠦ ᠴᠢᠦᠢ ᠸᠠᠨ᠂ ᠶᠧ ᠯᠠᠩ ᠭᠦ᠋ ᠵᠢᠯᠠᠭ᠎ᠠ᠂ ᠪᠦ᠋ ᠯᠢᠨ ᠴᠢᠤᠸᠠᠨ ᠵᠡᠷᠭᠡ 4A ᠲᠡᠰ ᠤᠨ

ᠦᠵᠡᠮᠵᠢ ᠶᠢᠨ ᠣᠷᠣᠨ 2023 ᠣᠨ ᠠᠴᠠ ᠡᠬᠢᠯᠡᠨ ᠤᠷᠢᠳ ᠬᠤᠵᠢᠳ ᠳᠣᠣᠷ᠎ᠠ ᠠᠭᠠᠷ ᠤᠨ ᠵᠢᠭᠤᠯᠴᠢᠯᠠᠯ ᠤᠨ

ᠦᠢᠯᠡᠰ ᠤᠨ ᠵᠢᠵᠢᠭ ᠡᠭᠴᠡ ᠨᠢᠰᠬᠡᠯ᠂ ᠬᠠᠯᠢᠬᠤ ᠨᠢᠰᠬᠡᠯ᠂ ᠭᠤᠷᠪᠠᠯᠵᠢᠨ ᠵᠢᠭᠦᠷ᠂ ᠠᠭᠠᠷ ᠲᠠᠢ ᠳᠠᠯᠠᠪᠴᠢ ᠶᠢ

ᠣᠷᠣᠭᠤᠯᠤᠨ ᠠᠪᠴᠢᠷᠠᠵᠤ᠂ ᠨᠡᠶᠢᠲᠡ 3200 ᠭᠠᠷᠤᠢ ᠵᠢᠭᠤᠯᠴᠢᠯᠠᠭᠴᠢᠳ ᠳᠣᠣᠷ᠎ᠠ ᠠᠭᠠᠷ ᠤᠨ ᠵᠢᠭᠤᠯᠴᠢᠯᠠᠯ

ᠦᠵᠡᠮᠵᠢ ᠶᠢᠨ ᠣᠷᠣᠨ ᠤ ᠪᠠᠶᠢᠭᠠᠯᠢ ᠶᠢᠨ ᠦᠵᠡᠮᠵᠢ ᠶᠢ ᠪᠡᠶᠡᠴᠢᠯᠡᠨ ᠣᠶᠢᠯᠠᠭᠠᠵᠤ᠂ ᠭᠠᠵᠠᠷ ᠣᠷᠣᠨ ᠤ ᠠᠯᠳᠠᠷᠰᠢᠯ ᠪᠠ

ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

    ᠬᠤᠤᠯᠢᠩᠭᠤᠣᠯ︵ᠤᠯᠠᠭᠠᠢ︶ ᠠᠭᠠᠷ ᠤᠨ ᠠᠶᠠᠯᠠᠯ ᠤᠨ ᠱᠤᠭᠤᠮ ᠤᠨ ᠨᠡᠮᠡᠭᠳᠡᠯ ᠠᠴᠠ ᠪᠣᠯᠵᠤ᠂ ︽ᠣᠨᠳᠣᠣ

ᠭᠠᠵᠠᠷ ᠲᠤ ᠲᠡᠷᠭᠡ ᠪᠤᠴᠠᠭᠠᠬᠤ︾ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠡᠳᠦᠷ ᠢᠷᠡᠬᠦᠶ᠎ᠡ

ᠬᠥᠭᠵᠢᠭᠡᠵᠦ᠂ ᠥᠷᠭᠡᠨ ᠣᠯᠠᠨ ᠬᠤᠪᠢ ᠶᠢᠨ ᠲᠡᠷᠭᠡ ᠵᠢᠯᠤᠭᠤᠳᠬᠤ ᠳᠤ ᠪᠠᠭ᠋ᠠᠲᠠᠢ᠂ ᠭᠡᠷ ᠪᠦᠯᠢ ᠶᠢᠨ ᠵᠢᠭᠤᠯᠴᠢᠯᠠᠯ

ᠵᠡᠷᠭᠡ ᠲᠡᠷᠭᠡ ᠲᠦᠷᠢᠶᠡᠰᠦᠯᠡᠬᠦ ᠬᠡᠷᠡᠭᠴᠡᠭᠡ ᠲᠠᠢ ᠵᠢᠭᠤᠯᠴᠢᠯᠠᠭᠰᠠᠳ ᠲᠤ ᠲᠥᠬᠦᠮ ᠦᠵᠡᠭᠦᠯᠵᠦ᠂ ᠤᠯᠠᠭᠠᠢ

ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠳᠣᠬᠠᠨ ᠳᠤ᠂

ᠤᠯᠠᠭᠠᠢ ᠬᠠᠮᠢᠶᠠᠷᠤᠯᠲᠠ ᠶᠢᠨ ᠣᠷᠣᠨ ᠠᠴᠠ ᠷᠠᠰᠢᠶᠠᠨ ᠬᠤᠲᠠ ᠲᠠᠢ ᠰᠠᠨᠠᠯ ᠨᠢᠭᠡᠳᠪᠡ ᠬᠤᠤᠯᠢᠩᠭᠤᠣᠯ ︵ᠤᠯᠠᠭᠠᠢ︶

 ᠠᠴᠠ ᠷᠠᠰᠢᠶᠠᠨ ᠬᠦᠷᠬᠦ ᠬᠤᠶᠠᠷ ᠭᠠᠵᠠᠷ ᠤᠨ ᠨᠢᠰᠬᠡᠯ ᠤᠨ ᠪᠠᠭᠤᠳᠠᠯ ᠤᠨ ︽ᠥᠭᠡᠷ᠎ᠡ ᠭᠠᠵᠠᠷ ᠲᠡᠷᠭᠡ ᠪᠠᠨ ᠪᠤᠴᠠᠭᠠᠬᠤ︾

ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠦᠵᠡᠮᠵᠢ ᠶᠢᠨ ᠣᠷᠣᠨ ᠤ ᠬᠤᠯᠪᠤᠭᠠᠯᠠᠨ ᠬᠡᠷᠡᠭᠯᠡᠬᠦ ᠪᠠᠨ ᠴᠢᠩᠭᠠᠳᠬᠠᠪᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号