ᠦᠵᠦᠭ ᠪᠢᠷ ᠢᠶᠠᠷ ᠥᠪᠡᠷ ᠢ ᠪᠠᠨ ᠬᠤᠷᠴᠠᠯᠠᠵᠤ ᠶᠠᠪᠤᠭ᠎ᠠ ᠯᠢᠦ ᠳ᠋ᠦᠩ ᠮᠧᠢ
ᠨᠡᠶᠢᠲᠡᠯᠡᠭᠰᠡᠨ ᠴᠠᠭ᠄
2024/6/13

    ᠯᠢᠦ ᠳ᠋ᠦᠩ ᠮᠧᠢ᠂ ᠥᠪᠥᠷ ᠮᠣᠩᠭᠤᠯ ᠤᠨ ᠰᠢᠯᠦᠭ ᠳᠠᠭᠤᠯᠠᠯ ᠤᠨ ᠨᠡᠶᠢᠭᠡᠮᠯᠢᠭ ᠤᠨ ᠭᠡᠰᠢᠭᠦᠨ᠂ ᠰᠢᠯᠤᠭᠤᠨ

ᠬᠥᠬᠡ ᠬᠤᠰᠢᠭᠤᠨ ᠤ ᠱᠠᠩᠳᠤ ᠶᠢᠨ ᠰᠢᠯᠦᠭ ᠳᠠᠭᠤᠯᠠᠯ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠃

    ᠯᠢᠦ ᠳ᠋ᠦᠩ ᠮᠧᠶ ᠶᠢᠨ ᠭᠡᠷ ᠲᠤ ᠬᠦᠷᠬᠦ ᠳᠤ᠂ ᠲᠡᠭᠦᠨ ᠤ ᠭᠡᠷ ᠨᠢ ᠲᠣᠮᠣ ᠪᠢᠰᠢ ᠴᠦ ᠴᠡᠪᠡᠷ ᠴᠡᠮᠴᠡᠭᠡᠷ ᠪᠠᠶᠢᠵᠤ᠂

ᠠᠪᠳᠠᠷ᠎ᠠ ᠳᠡᠭᠡᠷ᠎ᠡ ᠨᠢ ᠡᠯ᠎ᠡ ᠵᠦᠢᠯ ᠤᠨ ᠤᠳᠬ᠎ᠠ ᠵᠣᠬᠢᠶᠠᠯ ᠤᠨ ᠨᠣᠮ ᠪᠢᠴᠢᠭ ᠪᠠ ᠣᠯᠣᠭᠰᠠᠨ ᠱᠠᠩᠨᠠᠯ ᠤᠨ

ᠪᠢᠴᠢᠭ ᠢ ᠳᠦᠭᠦᠷᠲᠡᠯ᠎ᠡ‌ᠲᠠᠯᠪᠢᠭᠰᠠᠨ ᠪᠠᠶᠢᠯ᠎ᠠ᠃ ᠲᠥᠷᠥᠯᠬᠢ ᠲᠠᠷᠢᠬᠢᠨ ᠤ ᠳᠡᠮᠪᠡᠷᠡᠯ ᠠᠴᠠ ᠪᠣᠯᠵᠤ ᠦᠶ᠎ᠡ ᠮᠥᠴᠢ

᠎ ᠶᠢᠨ ᠬᠤᠶᠠᠳᠤᠭᠠᠷ ᠳᠡᠰ ᠤᠨ ᠵᠡᠮᠳᠡᠭ ᠪᠣᠯᠤᠭᠰᠠᠨ ᠪᠣᠯᠪᠠᠴᠤ‌ᠲᠡᠭᠦᠨ ᠤ ᠡᠷᠡᠰ  ᠬᠠᠲᠠᠭᠤ ᠵᠣᠷᠢᠯᠲᠠ ᠨᠢ

ᠠᠮᠢᠳᠤᠷᠠᠯ  ᠤᠨ ᠲᠤᠬᠠᠢ ᠬᠠᠯᠠᠭᠤᠨ ᠬᠠᠶᠢᠷ᠎ᠠ᠂ ᠵᠣᠬᠢᠶᠠᠨ ᠪᠦᠲᠦᠭᠡᠯᠭᠡ ᠶᠢᠨ ᠬᠢᠨᠢ ᠬᠦᠰᠡᠯ ᠢ  ᠶᠡᠷᠦ‌ᠨᠥ᠋ᠯᠥᠭᠡᠯᠡᠭᠰᠡᠨ

ᠦᠭᠡᠢ᠃

    ᠯᠢᠦ ᠳ᠋ᠦᠩ ᠮᠧᠶ  ᠥᠨᠳᠥᠷ ᠬᠤᠪᠢ ᠪᠠᠷ ᠶᠡᠭᠡ ᠰᠤᠷᠭᠠᠭᠤᠯᠢ ᠳᠤ ᠰᠢᠯᠭᠠᠨ ᠣᠷᠣᠭᠰᠠᠨ ᠪᠣᠯᠪᠠᠴᠤ ᠪᠡᠶ᠎ᠡ

ᠮᠠᠬᠠᠪᠤᠳ ᠤᠨ ᠰᠢᠯᠲᠠᠭᠠᠨ ᠠᠴᠠ ᠪᠣᠯᠵᠤ  ᠰᠤᠷᠤᠯᠴᠠᠵᠤ ᠳᠡᠶᠢᠯᠦᠭᠰᠡᠨ ᠦᠭᠡᠢ ᠪᠠᠶᠢᠵᠠᠢ᠃ ᠭᠡᠪᠡᠴᠦ ᠡᠨᠡᠬᠦ ᠬᠦᠨᠳᠦ

ᠴᠣᠬᠢᠯᠲᠠ‌ᠲᠡᠭᠦᠨ ᠤ ᠤᠷᠮ᠎ᠠ ᠵᠣᠷᠢᠭ ᠢ ᠮᠣᠬᠤᠭᠠᠵᠤ ᠳᠡᠶᠢᠯᠦᠭᠡ ᠦᠭᠡᠢ᠂ ᠲᠡᠭᠦᠨ ᠤ ᠵᠣᠬᠢᠶᠠᠯ ᠪᠦᠲᠦᠭᠡᠯ ᠤᠨ

ᠦᠭᠡ ᠥᠭᠦᠯᠡᠪᠦᠷᠢ ᠨᠢᠭᠡᠪᠦᠷᠢ ᠳᠤ ᠨᠢ  ᠲᠥᠷᠥᠯ ᠰᠠᠳᠤᠨ ᠤ  ᠬᠠᠶᠢᠷ᠎ᠠ ᠰᠡᠳᠬᠢᠯᠭᠡ᠂ ᠨᠥᠬᠦᠷᠯᠡᠯ  ᠵᠢᠴᠢ ᠬᠠᠯᠠᠭᠤᠨ

ᠳᠤᠯᠠᠭᠠᠨ ᠠᠮᠢᠳᠤᠷᠠᠯ  ᠠᠬᠤᠢ  ᠠᠭᠤᠰᠴᠤ ᠤᠩᠰᠢᠭᠴᠢᠳ‌ᠰᠣᠨᠣᠰᠤᠭᠴᠢᠳ ᠤᠨ ᠬᠠᠯᠠᠭᠤᠨ ᠬᠦᠷᠢᠶᠡᠯᠡᠯ ᠢ

ᠣᠯᠵᠤ ᠪᠠᠶᠢᠯ᠎ᠠ᠃

    2016 ᠣᠨ ᠳᠤ᠂ ᠯᠢᠦ ᠳ᠋ᠦᠩ ᠮᠧᠶ ᠨᠠᠶᠢᠵᠠ ᠶᠢᠨ ᠪᠠᠨ ᠲᠠᠨᠢᠯᠴᠠᠭᠤᠯᠭ᠎ᠠ ᠪᠠᠷ ᠬᠤᠰᠢᠭᠤᠨ ᠤ ᠵᠣᠬᠢᠶᠠᠯᠴᠢᠳ

᠎ ᠤᠨ ᠬᠤᠯᠪᠣᠭᠠᠨ ᠳᠤ ᠣᠷᠣᠵᠤ᠂ ᠱᠠᠩᠳᠤ ᠶᠢᠨ ᠰᠢᠯᠦᠭ ᠳᠠᠭᠤᠯᠠᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠭᠰᠠᠨ

ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠪᠠ᠃ ᠲᠡᠷᠡ ᠦᠶ᠎ᠡ ᠠᠴᠠ ᠡᠬᠢᠯᠡᠨ᠂ ᠲᠡᠭᠦᠨ ᠤ ᠵᠣᠬᠢᠶᠠᠨ ᠪᠦᠲᠦᠭᠡᠯᠭᠡ

᠎ ᠶᠢᠨ ᠠᠪᠢᠶᠠᠰ ᠪᠢᠯᠢᠭ ᠨᠢ ᠤᠯᠠᠮ ᠬᠤᠷᠴᠠᠳᠴᠤ᠂  ᠠᠮᠢᠳᠤᠷᠠᠯ ᠤᠨ ᠳᠤᠮᠳᠠᠬᠢ ᠵᠢᠵᠢᠭ ᠰᠠᠵᠢᠭ ᠵᠦᠢᠯ ᠢ ᠦᠰᠦᠭ

ᠪᠢᠴᠢᠭ ᠢᠶᠠᠷ  ᠲᠡᠮᠳᠡᠭᠯᠡᠨ᠂ 2022 ᠣᠨ ᠤ 4 ᠰᠠᠷ᠎ᠠ ᠳᠤ᠂ ᠲᠠᠪᠤᠨ ᠵᠢᠯ ᠨᠠᠶᠢᠷᠠᠭᠤᠯᠤᠨ ᠡᠮᠬᠢᠳᠬᠡᠭᠰᠡᠨ ︽ᠣᠨ

ᠵᠢᠯ ᠤᠨ ᠤᠯᠠ ᠮᠥᠷ︾ ᠰᠢᠯᠦᠭ ᠤᠨ ᠲᠡᠭᠦᠪᠦᠷᠢ ᠨᠢ ᠨᠡᠶᠢᠭᠡᠮᠯᠢᠭ ᠤᠨ ᠬᠠᠯᠠᠭᠤᠨ ᠳᠡᠮᠵᠢᠯᠭᠡ  ᠪᠠᠷ  ᠬᠡᠪᠯᠡᠭᠳᠡᠪᠡ᠃

    ᠲᠡᠭᠦᠨ ᠤ ᠵᠣᠬᠢᠶᠠᠨ ᠪᠦᠲᠦᠭᠡᠭᠰᠡᠨ 100 ᠭᠠᠷᠤᠢ ᠰᠢᠯᠦᠭ᠂ ᠨᠠᠶᠢᠷᠠᠭᠤᠯᠤᠯ ᠤᠨ ᠪᠦᠲᠦᠭᠡᠯ ᠨᠢ ᠣᠷᠣᠨ ᠤ

ᠳᠣᠲᠣᠨ᠎ᠠ ᠭᠠᠳᠠᠨᠠᠬᠢ ᠰᠣᠨᠢᠨ ᠰᠡᠳᠬᠦᠯ ᠵᠢᠴᠢ ᠵᠠᠭᠤᠴᠢᠯᠠᠭᠤᠷ ᠳᠡᠭᠡᠷ᠎ᠡ ᠨᠡᠶᠢᠲᠡᠯᠡᠭᠳᠡᠵᠦ᠂  ︽ᠵᠢᠷᠭᠤᠭᠠᠨ ᠰᠠᠷ᠎ᠠ  ᠶᠢᠨ

ᠶᠤᠸᠠᠨ ᠤ ᠳᠡᠭᠡᠳᠦ ᠨᠡᠶᠢᠰᠯᠡᠯ︾ ᠵᠡᠷᠭᠡ ᠰᠢᠯᠦᠭ ᠨᠢ ︽ᠡᠮᠦᠨᠡᠲᠦ ᠣᠷᠣᠨ ᠤ ᠤᠳᠬ᠎ᠠ ᠵᠣᠬᠢᠶᠠᠯ ᠤᠨ ᠰᠣᠩᠭᠤᠮᠠᠯ︾᠂

︽ᠳᠤᠮᠳᠠᠳᠤ ᠤᠯᠤᠰ ᠤᠨ ᠰᠢᠯᠦᠭ ᠤᠨ ᠣᠨ ᠤ ᠰᠣᠩᠭᠤᠮᠠᠯ︾᠂ ᠭᠤᠷᠪᠠᠳᠤᠭᠠᠷ ᠬᠤᠭᠤᠴᠠᠭᠠᠨ  ᠤ  ︽ᠴᠠᠴᠤᠭᠲᠤ

ᠴᠡᠴᠡᠭ ᠬᠤᠨᠳᠠᠭᠠᠲᠤ︾ ᠪᠦᠬᠦ ᠤᠯᠤᠰ ᠤᠨ ᠤᠳᠬ᠎ᠠ ᠵᠣᠬᠢᠶᠠᠯ ᠤᠨ ᠤᠷᠤᠯᠳᠤᠭᠠᠨ ᠤ ᠰᠢᠯᠦᠭ  ᠤᠨ ᠪᠦᠲᠦᠭᠡᠯ ᠤᠨ

ᠲᠡᠭᠦᠪᠦᠷᠢ ᠳᠤ  ᠰᠣᠩᠭᠤᠭᠳᠠᠨ᠂ ᠵᠣᠬᠢᠶᠠᠨ ᠪᠦᠲᠦᠭᠡᠭᠰᠡᠨ ᠬᠤᠷᠢ ᠭᠠᠷᠤᠢ ᠪᠢᠴᠢᠯ ᠰᠢᠯᠦᠭ ᠨᠢ ᠱᠠᠩᠨᠠᠯ ᠬᠦᠷᠲᠡᠵᠦ᠂

︽ᠥᠪᠥᠷ ᠮᠣᠩᠭᠤᠯ ᠤᠨ ᠵᠣᠬᠢᠶᠠᠯᠴᠢᠳ ᠤᠨ ᠲᠣᠮᠣ ᠲᠣᠯᠢ︾᠎ ᠳᠤ ᠨᠠᠶᠢᠷᠠᠭᠤᠯᠤᠭᠳᠠᠵᠤ᠂ ᠠᠶᠢᠮᠠᠭ ᠤᠨ ᠰᠢᠯᠦᠭ

ᠳᠠᠭᠤᠯᠠᠯᠴᠢᠳ ᠤᠨ ᠨᠡᠶᠢᠭᠡᠮᠯᠢᠭ ᠪᠣᠯᠣᠨ ᠵᠣᠬᠢᠶᠠᠯᠴᠢᠳ ᠤᠨ ᠨᠡᠶᠢᠭᠡᠮᠯᠢᠭ ᠲᠤ ᠭᠡᠰᠢᠭᠦᠨ ᠢᠶᠠᠷ ᠡᠯᠰᠡᠭᠳᠡᠪᠡ᠃

    ᠯᠢᠦ ᠳ᠋ᠦᠩ ᠮᠧᠢ᠄ ︽ᠮᠢᠨᠤ ᠠᠪᠤ ᠡᠵᠢ ᠨᠠᠳᠠ ᠶᠢ ᠬᠠᠶᠢᠷᠠᠯᠠᠵᠤ᠂ ᠰᠤᠷᠭᠠᠭᠤᠯᠢ ᠳᠤ ᠬᠦᠷᠭᠡᠵᠦ

ᠰᠤᠷᠤᠯᠴᠠᠭᠤᠯᠤᠭᠰᠠᠨ᠂ ᠡᠵᠢ ᠨᠠᠳᠠ ᠳᠤ ︿ᠳ᠋ᠦᠩ ᠮᠧᠢ﹀ ᠭᠡᠰᠡᠨ ᠨᠡᠷ᠎ᠡ ᠥᠭᠴᠦ ᠬᠤᠪᠢ ᠵᠠᠶᠠᠭ᠎ᠠ ᠲᠠᠢ ᠨᠤᠭᠤᠷᠠᠰᠢ

ᠦᠭᠡᠢ ᠲᠡᠮᠡᠴᠡᠬᠦ ᠶᠢ ᠬᠦᠰᠡᠭᠰᠡᠨ ᠶᠤᠮ᠂ ᠮᠢᠨᠤ ᠪᠠᠭ᠎ᠠ ᠨᠠᠰᠤᠨ ᠤ ᠨᠠᠶᠢᠵᠠ ᠨᠠᠳᠠ ᠳᠤ ᠬᠠᠪᠰᠤᠷᠤᠯᠭ᠎ᠠ ᠪᠠ ᠪᠠᠶᠠᠷ

ᠪᠠᠶᠠᠰᠤᠯ ᠣᠯᠭᠤᠭᠰᠠᠨ᠂ ᠮᠢᠨᠤ  ᠬᠠᠨᠢ ᠨᠥᠬᠦᠷ ᠨᠣᠮᠣᠬᠠᠨ ᠰᠢᠳᠤᠷᠭᠤ᠂ ᠴᠠᠶᠢᠯᠭᠠᠨ ᠰᠡᠳᠬᠢᠯ ᠲᠠᠢ ᠬᠥᠮᠥᠨ᠂ ᠲᠡᠷᠠ

ᠮᠠᠨᠢ ᠮᠠᠨ ᠤ ᠪᠦᠬᠦ ᠭᠡᠷ ᠪᠦᠯᠢ ᠶᠢᠨ ᠠᠮᠢᠳᠤᠷᠠᠯ ᠢ ᠲᠤᠯᠭᠠᠭᠤᠷᠢᠯᠠᠵᠤ ᠪᠠᠶᠢᠨ᠎ᠠ᠂  ᠬᠡᠵᠢᠶ᠎ᠡ ᠬᠠᠮᠢᠭ᠎ᠠ ᠪᠠᠶᠢᠭᠰᠠᠨ ᠴᠤ

ᠨᠠᠮᠠᠢ ᠬᠠᠶᠢᠷᠠᠯᠠᠬᠤ ᠬᠥᠮᠥᠨ ᠲᠠᠢ᠂ ᠪᠢ ᠬᠡᠳᠦᠢ ᠠᠵᠠ ᠲᠠᠢ ᠬᠥᠮᠥᠨ ᠪᠤᠢ︾ ᠭᠡᠵᠦ  ᠳᠣᠭᠳᠣᠯᠤᠨ ᠶᠠᠷᠢᠯ᠎ᠠ᠃

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号