ᠴᠢᠶᠣᠤ ᠵᠢᠶᠠᠨ ᠴᠢᠶᠠᠩ ᠰᠣᠶᠣᠯ ᠵᠢᠭᠤᠯᠴᠢᠯᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/13
    6 ᠰᠠᠷ᠎ᠠ ᠶᠢᠨ 12 ᠤᠨ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠴᠢᠶᠣᠤ ᠵᠢᠶᠠᠨ ᠴᠢᠶᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠢᠶᠠ ᠹᠧᠩ ᠶᠢᠩ ᠪᠠᠷ᠎ᠠ ᠪᠣᠯᠪᠠ᠃     ᠴᠢᠶᠣᠤ ᠵᠢᠶᠠᠨ ᠴᠢᠶᠠᠩ ᠨᠠᠷ ᠤᠯᠠᠭᠠᠢ ᠨᠠᠭᠤᠷ᠂ ᠥᠪᠥᠷ ᠮᠣᠩᠭᠤᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠬᠤᠷᠢᠶ᠎ᠠ ᠶᠢᠨ ᠲᠡᠦᠬᠡ ᠶᠢᠨ ᠳᠤᠷᠠᠰᠤᠮᠵᠢ ᠶᠢᠨ ᠣᠷᠳᠣᠨ᠂ ᠴᠡᠷᠢᠭ ᠤᠨ ᠬᠤᠷᠢᠶ᠎ᠠ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ ᠲᠤ ᠬᠦᠷᠴᠦ᠂ ᠦᠵᠡᠮᠵᠢ ᠶᠢᠨ ᠣᠷᠣᠨ ᠤ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢᠨ ᠬᠥᠮᠦᠵᠢᠯ᠂ ᠲᠡᠦᠬᠡ ᠶᠢᠨ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠲᠡᠷᠡ ᠴᠢᠬᠤᠯᠠᠴᠢᠯᠠᠭᠰᠠᠨ ᠨᠢ᠂ ᠵᠢᠭᠤᠯᠴᠢᠯᠠᠯ ᠤᠨ ᠤᠯᠠᠷᠢᠯ ᠨᠢᠭᠡᠨᠲᠡ ᠬᠦᠷᠴᠦ ᠢᠷᠡᠭᠰᠡᠨ ᠪᠣᠯᠬᠤᠷ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠭᠠᠳᠠᠭᠰᠢ ︽ᠤᠷᠤᠰᠬᠠᠯ ᠢ ᠲᠠᠲᠠᠬᠤ︾ ᠪᠠ ︽ᠳᠡᠯᠪᠡᠷᠡᠯᠲᠡ ᠶᠢ ᠲᠠᠲᠠᠬᠤ︾ ᠶᠢ ᠲᠤᠪᠤᠶᠢᠯᠭᠠᠵᠤ᠂ ᠳᠣᠲᠣᠭᠠᠳᠤ ᠳᠤ ︽ᠠᠭᠠᠷ ᠲᠤ ᠴᠥᠮ ᠵᠤᠭᠠᠴᠠᠯ ᠤᠨ ᠦᠨᠦᠷ ᠠᠮᠲᠠ ᠶᠢ ᠪᠦᠷᠬᠦᠭᠦᠯᠬᠦ︾ ᠶᠢ ᠲᠤᠪᠤᠶᠢᠯᠭᠠᠵᠦ᠂ ᠲᠦᠷᠦᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠬᠤ ᠪᠠ ᠬᠡᠪᠴᠢᠶ᠎ᠡ ᠶᠢ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠣᠨᠴᠠᠯᠢᠭᠲᠤ ᠰᠣᠶᠣᠯ ᠵᠤᠭᠠᠴᠠᠯ ᠤᠨ ᠦᠢᠯᠡᠰ ᠢ ᠲᠠᠰᠤᠷᠠᠯᠲᠠ ᠦᠭᠡᠢ ᠨᠡᠭᠡᠭᠡᠨ ᠬᠥᠭᠵᠢᠭᠦᠯᠵᠦ᠂ ᠬᠠᠮᠢᠶᠠᠷᠤᠯᠲᠠ ᠶᠢᠨ ᠣᠷᠣᠨ ᠤ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃ ᠣᠷᠣᠨ ᠤ ᠳᠣᠲᠣᠷ᠎ᠠ ᠭᠠᠳᠠᠨᠠᠬᠢ ᠲᠣᠯᠣᠭᠠᠶᠢᠯᠠᠭᠴᠢ  ᠠᠵᠤ  ᠠᠬᠤᠶᠢᠯᠠᠯ   ᠯᠤᠭ᠎ᠠ ᠵᠣᠯᠭᠠᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠣᠯᠠᠨ ᠠᠷᠭ᠎ᠠ ᠵᠠᠮ ᠢᠶᠠᠷ ᠠᠭᠤᠳᠠᠯᠤᠨ ᠠᠰᠢᠭᠯᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠪᠣᠶᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠴᠡᠩᠭᠡᠯᠳᠦᠬᠦ︾ ᠡᠯ᠎ᠡ ᠭᠤᠭᠴᠤᠭ᠎ᠠ ᠶᠢᠨ ᠲᠣᠭᠤᠷᠢᠨ ᠳᠤ᠂ ᠵᠤᠭᠠᠴᠠᠭᠰᠠᠳ ᠤᠨ ᠬᠡᠷᠡᠭᠯᠡᠭᠡᠨ ᠤ ᠬᠡᠷᠡᠭᠴᠡᠭᠡ ᠶᠢ ᠣᠨᠣᠪᠴᠢᠲᠠᠢ ᠣᠯᠵᠤ᠂ ᠵᠤᠭᠠᠴᠠᠭᠰᠠᠳ ᠤᠨ ᠬᠡᠷᠡᠭᠯᠡᠭᠡᠨ ᠤ ᠣᠶᠢᠯᠠᠭᠠᠯᠲᠠ ᠶᠢ ᠰᠢᠯᠢᠳᠡᠭᠵᠢᠭᠦᠯᠵᠦ᠂ ᠵᠤᠭᠠᠴᠠᠯ ᠤᠨ ᠬᠠᠩᠭᠠᠯᠭ᠎ᠠ ᠶᠢᠨ ᠲᠦᠪᠰᠢᠨ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠵᠤᠭᠠᠴᠠᠯ ᠤᠨ ᠠᠯᠳᠠᠨ ᠦᠰᠦᠭᠲᠦ ᠫᠠᠶᠢᠰᠠ ᠶᠢ ᠲᠠᠰᠤᠷᠠᠯᠲᠠ ᠦᠭᠡᠢ ᠠᠷᠴᠢᠬᠤ ᠬᠡᠷᠡᠭᠲᠡᠢ᠃
 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号