ᠰᠦ᠋ ᠬᠤᠸᠠ — ᠠᠮᠢ ᠠᠬᠤᠢ ᠶᠢ ᠰᠠᠶᠢᠵᠢᠷᠠᠭᠤᠯᠬᠤ ᠳᠤ ᠢᠳᠡᠪᠬᠢᠲᠡᠢ ᠤᠷᠤᠯᠴᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/6/13

    ᠵᠤᠨ ᠤ ᠵᠢᠷᠭᠤᠭᠠᠨ ᠰᠠᠷ᠎ᠠ ᠪᠣᠯᠬᠤᠶ᠎ᠠ ᠬᠤᠯᠠᠨ ᠰᠢᠷᠭ᠎ᠠ ᠲᠠᠭ᠎ᠠ ᠶᠢᠨ ᠡᠯᠡᠰᠦ ᠮᠠᠩᠬ᠎ᠠ ᠨᠣᠮᠢᠨ ᠨᠣᠭᠤᠭᠠᠨ

ᠥᠩᠭᠡ ᠪᠠᠷ ᠬᠤᠴᠢᠭᠳᠠᠨ᠂ ᠥᠩᠭᠡᠷᠡᠭᠰᠡᠨ ᠤ ᠡᠯᠡᠰᠦᠨ ᠳᠣᠪᠣᠴᠠᠭ ᠤᠳᠤ ᠶᠢᠨ ᠨᠣᠭᠤᠭᠠᠨ ᠪᠦᠷᠢᠳᠦ ᠪᠠᠷ

ᠰᠣᠯᠢᠭᠳᠠᠭᠰᠠᠨ ᠯᠤᠲᠤ ᠶᠡᠭᠡ ᠬᠤᠪᠢᠷᠠᠯᠲᠠ ᠤᠯᠠᠨ ᠤ ᠬᠠᠷᠠᠭᠠᠨ᠎ᠠ ᠲᠣᠳᠣᠷᠠᠨ᠎ᠠ᠃ ᠡᠭᠦᠨ ᠤ ᠴᠠᠭᠠᠨ᠎ᠠ ᠲᠤᠭ᠎ᠠ ᠲᠣᠮᠰᠢ

ᠦᠭᠡᠢ ᠤᠯᠠᠨ ᠰᠢᠨᠵᠢᠯᠡᠬᠦ ᠤᠬᠠᠭᠠᠨ ᠤ ᠰᠤᠳᠤᠯᠭᠠᠲᠠᠳ ᠪᠣᠯᠣᠨ ᠡᠯᠡᠰᠦ ᠶᠢ ᠵᠠᠰᠠᠬᠤ ᠤᠯᠠᠨ ᠲᠦᠮᠡᠨ ᠤ ᠬᠡᠳᠦᠨ

ᠠᠷᠪᠠᠨ ᠵᠢᠯ ᠤᠨ ᠰᠢᠷᠭᠠᠭᠤ ᠴᠢᠷᠮᠠᠶᠢᠯᠭ᠎ᠠ ᠪᠠᠶᠢᠭ᠎ᠠ ᠶᠢ ᠣᠮᠲᠣᠭᠠᠶᠢᠯᠠᠵᠤ ᠪᠣᠯᠣᠰᠢ ᠦᠭᠡᠢ ᠶᠤᠮ᠃ ᠰᠢᠯᠢ  ᠶᠢᠨ ᠭᠤᠣᠯ

ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠠᠮᠢ

ᠠᠬᠤᠢ ᠶᠢᠨ ᠰᠤᠳᠤᠯᠭᠠᠨ ᠤ ᠦᠷᠳᠡᠭᠡ ᠶᠢᠨ ᠢᠨᠵᠧᠨᠧᠷ ᠰᠦ᠋ ᠬᠤᠸᠠ ᠪᠣᠯ ᠡᠳᠡᠭᠡᠷ ᠬᠥᠮᠥᠰ ᠤᠨ ᠨᠢᠭᠡᠨ ᠪᠣᠯᠣᠨ᠎ᠠ᠃

    ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ

ᠠᠮᠢ ᠠᠬᠤᠢ ᠶᠢᠨ ᠰᠤᠳᠤᠯᠭᠠᠨ ᠤ ᠥᠷᠲᠡᠭᠡᠨ ᠳᠤ ᠲᠡᠭᠦᠨ ᠲᠠᠢ ᠠᠭᠤᠯᠵᠠᠬᠤ ᠳᠤ ᠲᠡᠷᠡ ᠶᠠᠭ ᠲᠤᠷᠰᠢᠯᠲᠠ ᠶᠢᠨ

ᠲᠠᠰᠤᠭ ᠲᠠᠭᠠᠨ ᠤᠷᠭᠤᠮᠠᠯ ᠤᠨ ᠥᠯᠢᠭᠡᠷ ᠢ ᠵᠠᠳᠠᠯᠵᠤ ᠪᠠᠶᠢᠯ᠎ᠠ᠃

    2006 ᠣᠨ ᠤ ᠡᠪᠦᠯ᠂ ᠰᠦ᠋ ᠬᠤᠸᠠ ᠵᠢᠯᠣᠭᠤᠳᠤᠭᠴᠢ ᠪᠠᠭᠰᠢ ᠪᠠᠨ ᠲᠠᠭᠠᠨ ᠠᠩᠬ᠎ᠠ ᠤᠳᠠᠭ᠎ᠠ ᠬᠤᠯᠠᠨ

ᠰᠢᠷᠭ᠎ᠠ ᠳᠠᠭ᠎ᠠ ᠶᠢᠨ ᠮᠠᠩᠬᠠᠨ ᠨᠤᠲᠤᠭ ᠲᠤ ᠢᠷᠡᠵᠦ᠂ ᠳ᠋ᠣᠺᠲ᠋ᠣᠷᠠᠨᠲ ᠢᠶᠠᠨ ᠲᠡᠭᠦᠰᠦᠭᠰᠡᠨ ᠤ ᠳᠠᠷᠠᠭ᠎ᠠ ᠬᠤᠯᠠᠨ ᠰᠢᠷᠭ᠎ᠠ

ᠲᠠᠭ᠎ᠠ ᠶᠢᠨ ᠡᠯᠡᠰᠦᠷᠬᠡᠭ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠵᠠᠰᠠᠬᠤ ᠳᠤ ᠣᠷᠣᠯᠴᠠᠬᠤ ᠪᠠᠷ ᠰᠢᠢᠳᠴᠦ᠂

ᠨᠢᠭᠡ ᠰᠡᠳᠬᠢᠯ ᠢᠶᠠᠷ ᠠᠵᠢᠯ ᠳᠠᠭᠠᠨ ᠰᠢᠭᠤᠷᠬᠠᠶᠢᠯᠠᠨ ᠨᠢᠳᠦ ᠢᠷᠮᠡᠬᠦ ᠶᠢᠨ ᠵᠠᠭᠤᠷ᠎ᠠ 18 ᠵᠢᠯ ᠢ ᠠᠷᠤ  ᠳᠠᠭᠠᠨ

ᠤᠷᠬᠢᠵᠠᠢ᠃

    ᠰᠦ᠋ ᠬᠤᠸᠠ ᠪᠦᠯᠬᠦᠮ ᠨᠡᠶᠢᠲᠡ ᠶᠢᠨ ᠭᠤᠣᠯᠯᠠᠭᠴᠢ ᠬᠦᠴᠦᠨ ᠪᠣᠯᠤᠭᠰᠠᠨ ᠤ ᠬᠤᠪᠢ ᠳᠤ ᠲᠠᠬᠢᠶ᠎ᠠ ᠶᠢ

ᠪᠡᠯᠴᠢᠭᠡᠷᠯᠡᠭᠦᠯᠦᠨ ᠲᠡᠵᠢᠭᠡᠵᠦ᠂ ᠬᠥᠷᠥᠰᠥ ᠶᠢ ᠰᠤᠯᠠᠷᠠᠭᠤᠯᠬᠤ᠂ ᠬᠥᠷᠥᠰᠥᠨ ᠳᠤ ᠪᠣᠷᠳᠣᠭᠤᠷ ᠤᠷᠤᠭᠤᠯᠬᠤ᠂

ᠳᠠᠬᠢᠶ᠎ᠠ ᠪᠠᠷ ᠴᠠᠷᠴᠠᠬᠠᠢ ᠤᠰᠠᠳᠬᠠᠬᠤ ᠵᠡᠷᠭᠡ ᠴᠢᠭᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠵᠦ᠂

ᠲᠠᠴᠢᠷᠰᠢᠭᠰᠠᠨ ᠪᠡᠯᠴᠢᠭᠡᠷ ᠢ ᠰᠡᠷᠭᠦᠭᠡᠬᠦ ᠵᠠᠭᠪᠤᠷ ᠢ ᠳᠡᠯᠭᠡᠷᠡᠭᠦᠯᠵᠦ ᠮᠠᠰᠢ ᠰᠠᠶᠢᠨ ᠦᠷ᠎ᠡ ᠪᠦᠲᠦᠮᠵᠢ ᠣᠯᠣᠭᠰᠠᠨ

ᠪᠠᠶᠢᠨ᠎ᠠ᠃

    ᠰᠦ᠋ ᠬᠤᠸᠠ᠄ ︽ᠪᠢᠳᠡᠨ ᠤ ᠬᠠᠶᠢᠨ ᠰᠦᠪᠡᠭᠴᠢᠯᠡᠵᠦ ᠪᠠᠶᠢᠭ᠎ᠠ ᠪᠣᠯ ᠲᠠᠬᠢᠶᠠᠨ ᠤ ᠢᠯᠭᠠᠳᠠᠰᠤ ᠶᠢ ᠠᠰᠢᠭᠯᠠᠨ

ᠪᠡᠯᠴᠢᠭᠡᠷ ᠲᠤ ᠪᠣᠷᠳᠣᠭᠤᠷ ᠤᠷᠤᠭᠤᠯᠬᠤ ᠵᠠᠭᠪᠤᠷ ᠪᠣᠯᠣᠨ᠎ᠠ᠃ ᠲᠠᠬᠢᠶ᠎ᠠ ᠲᠡᠵᠢᠭᠡᠬᠦ ᠪᠠᠷ ᠳᠠᠮᠵᠢᠭᠤᠯᠤᠨ ᠬᠥᠷᠥᠰᠥ ᠶᠢ

ᠰᠤᠯᠠᠷᠠᠭᠤᠯᠬᠤ᠂ ᠬᠥᠷᠥᠰᠥᠨ ᠳᠤ ᠪᠣᠷᠳᠣᠭᠤᠷ ᠤᠷᠤᠭᠤᠯᠬᠤ᠂ ᠳᠠᠬᠢᠶ᠎ᠠ ᠪᠠᠷ ᠴᠠᠷᠴᠠᠬᠠᠢ ᠤᠰᠠᠳᠬᠠᠬᠤ ᠳᠥᠷᠪᠡᠨ ᠶᠡᠭᠡ

ᠠᠮᠢ ᠠᠬᠤᠢ ᠶᠢᠨ ᠦᠢᠯᠡᠳᠦᠯ ᠢ ᠪᠠᠳᠠᠷᠠᠭᠤᠯᠵᠤ᠂ ᠡᠪᠡᠰᠦ ᠪᠡᠯᠴᠢᠭᠡᠷ ᠤᠨ ᠰᠡᠷᠭᠦᠯᠲᠡ ᠶᠢ ᠠᠬᠢᠭᠤᠯᠵᠤ ᠪᠣᠯᠣᠨ᠎ᠠ᠃

ᠮᠠᠯᠴᠢᠳ ᠪᠠᠰᠠ ᠴᠢᠨᠠᠷ ᠰᠠᠶᠢᠲᠠᠢ ᠲᠠᠬᠢᠶᠠᠨ ᠤ ᠮᠢᠬ᠎ᠠ ᠪᠠ ᠥᠨᠳᠡᠭᠡ ᠪᠣᠷᠣᠯᠠᠭᠤᠯᠬᠤ ᠪᠠᠷ ᠳᠠᠮᠵᠢᠨ ᠣᠷᠣᠯᠭ᠎ᠠ ᠪᠠᠨ

ᠨᠡᠮᠡᠭᠳᠡᠭᠦᠯᠵᠦ ᠪᠤᠯᠬᠤ ᠶᠤᠮ᠃ ᠦᠢᠯᠡᠳᠦᠯᠭᠡ ᠶᠢᠨ ᠳ᠋ᠦᠩ ᠠᠴᠠ ᠦᠵᠡᠪᠡᠯ ᠡᠨᠡ ᠬᠡᠰᠡᠭ ᠤᠨ ᠡᠪᠡᠰᠦ ᠥᠳᠬᠡᠨ

ᠮᠥᠷᠲᠡᠭᠡᠨ ᠥᠨᠳᠥᠷ ᠤᠷᠭᠤᠵᠤ᠂ ᠡᠪᠡᠰᠦᠨ ᠤ ᠲᠦᠷᠦᠯ ᠵᠦᠢᠯ ᠴᠦ ᠤᠯᠠᠨ ᠪᠣᠯᠵᠠᠢ︾ ᠭᠡᠯ᠎ᠡ᠃ ᠰᠦ᠋ ᠬᠤᠸᠠ

ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠳᠤ ᠢᠳᠡᠪᠬᠢᠲᠡᠢ ᠣᠷᠣᠯᠴᠠᠨ᠂ ᠪᠦᠯᠬᠦᠮ ᠤᠨ ᠬᠢᠨ ᠲᠠᠢ ᠪᠠᠨ

ᠴᠢᠷᠮᠠᠶᠢᠨ ᠠᠵᠢᠯᠯᠠᠵᠤ᠂ ᠮᠠᠩᠬᠠᠨ ᠤ ᠤᠷᠭᠤᠮᠠᠯ ᠢ ᠰᠤᠳᠤᠯᠤᠨ ᠡᠯᠡᠰᠦ ᠶᠢ ᠵᠠᠰᠠᠵᠤ᠂ ᠡᠯᠡᠰᠦᠷᠬᠡᠭ ᠭᠠᠵᠠᠷ ᠤᠨ ᠠᠮᠢ

ᠠᠬᠤᠢ ᠪᠠ ᠠᠵᠤ ᠠᠬᠤᠢ ᠶᠢᠨ ᠦᠷ᠎ᠡ ᠠᠰᠢᠭ ᠢ ᠭᠦᠨᠵᠡᠭᠡᠢ ᠠᠭᠤᠳᠠᠯᠤᠭᠰᠠᠨ ᠪᠠᠶᠢᠨ᠎ᠠ᠃ 2016 ᠣᠨ ᠠᠴᠠ

ᠨᠠᠭᠠᠰᠢ᠂ ᠰᠦ᠋ ᠬᠤᠸᠠ ᠪᠣᠯᠣᠨ ᠳᠡᠳᠡᠨ ᠤ ᠪᠦᠯᠬᠦᠮ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠢ ᠤᠷᠢᠳ

ᠬᠤᠵᠢᠳ 1200 ᠭᠠᠷᠤᠢ ︵ᠤᠳᠠᠭ᠎ᠠ︶ ᠪᠣᠯᠪᠠᠰᠤᠷᠠᠭᠤᠯᠵᠤ᠂ ᠨᠤᠲᠤᠭ ᠲᠠᠭᠠᠨ ᠪᠤᠴᠠᠵᠤ ᠦᠢᠯᠡᠰ ᠪᠣᠰᠬᠠᠬᠤ

ᠵᠠᠯᠠᠭᠤᠴᠤᠳ ᠤᠨ ᠳᠠᠭᠠᠭᠤᠯᠤᠭᠴᠢ 2 ᠢ ᠬᠥᠮᠥᠵᠢᠭᠦᠯᠦᠨ᠂ ᠰᠢᠨ᠎ᠡ ᠮᠡᠷᠭᠡᠵᠢᠯ ᠬᠡᠷᠡᠭᠯᠡᠬᠦ᠂ ᠮᠠᠯ  ᠤᠨ ᠠᠰᠢᠭ ᠰᠢᠮ᠎ᠡ

ᠲᠠᠷᠢᠶᠠᠯᠠᠩ ᠤᠨ ᠪᠦᠲᠦᠭᠡᠭᠳᠡᠬᠦᠨ ᠢ ᠪᠠᠷᠢᠮᠵᠢᠶᠠᠵᠢᠭᠤᠯᠤᠨ ᠡᠳ᠋ᠰᠢᠭᠦᠯᠬᠦ᠂ ᠵᠢᠭᠤᠯᠴᠢᠯᠠᠵᠤ ᠲᠣᠭᠤᠷᠢᠨ ᠪᠡᠶᠡᠴᠢᠯᠡᠨ

ᠣᠶᠢᠯᠠᠭᠠᠬᠤ ᠵᠡᠷᠭᠡ ᠡᠵᠡᠩᠨᠡᠯᠲᠡ ᠶᠢᠨ ᠬᠡᠯᠪᠡᠷᠢ᠂ ᠬᠡᠯᠬᠢᠶᠡᠵᠢᠭᠰᠡᠨ ᠠᠵᠤ ᠦᠢᠯᠡᠰ ᠤᠨ ᠲᠠᠪᠴᠠᠩ ᠢ ᠪᠠᠶᠢᠭᠤᠯᠬᠤ ᠳᠤ

ᠬᠦᠴᠦ ᠨᠡᠮᠡᠷᠢᠯᠡᠭᠰᠡᠨ ᠪᠠᠶᠢᠨ᠎ᠠ᠃

    ᠰᠢᠯᠤᠭᠤᠨ ᠬᠥᠬᠡ ᠬᠤᠰᠢᠭᠤᠨ ᠤ ᠰᠠᠶᠢᠨᠬᠤᠳᠳᠤᠭ ᠰᠤᠮᠤᠨ ᠤ ᠪᠠᠶᠠᠨᠬᠤᠰᠢᠭᠤ ᠭᠠᠴᠠᠭᠠᠨ ᠤ ᠮᠠᠯᠴᠢᠨ

ᠨᠠᠰᠤᠨ᠋ᠤ᠋ᠷᠲᠤ ᠲᠣᠰ ᠵᠠᠭᠪᠤᠷ ᠢ ᠡᠬᠢᠯᠡᠨ ᠲᠦᠭᠡᠮᠡᠯᠵᠢᠭᠦᠯᠬᠦ ᠦᠶ᠎ᠡ ᠳᠤ ᠭᠠᠴᠠᠭᠠᠨ ᠤ ᠱᠦᠵᠢ ᠶᠢᠨ ᠲᠤᠰᠢᠶᠠᠯ ᠢ

ᠬᠠᠷᠢᠭᠤᠴᠠᠵᠤ ᠪᠠᠶᠢᠭᠰᠠᠨ ᠪᠥᠭᠡᠳ ᠥᠪᠡᠷ ᠢᠶᠠᠨ ᠲᠦᠷᠦᠭᠦᠯᠡᠨ ᠳᠠᠬᠢᠶ᠎ᠠ ᠲᠡᠵᠢᠭᠡᠵᠡᠢ᠃ ᠣᠳᠣᠬᠠᠨ ᠳᠤ᠂ ᠲᠡᠳᠡᠨ ᠤ

ᠲᠠᠬᠢᠶ᠎ᠠ ᠲᠡᠵᠢᠭᠡᠬᠦ ᠦᠢᠯᠡᠰ ᠶᠠᠪᠤᠬᠤ ᠲᠤᠳᠤᠮ ᠥᠷᠭᠡᠵᠢᠵᠦ᠂ ᠲᠡᠵᠢᠭᠡᠭᠰᠡᠨ ᠲᠠᠬᠢᠶᠠᠨ ᠤ ᠲᠤᠭ᠎ᠠ ᠬᠡᠮᠵᠢᠶ᠎ᠡ ᠵᠢᠯ

ᠳᠠᠷᠠᠭᠠᠯᠠᠨ ᠨᠡᠮᠡᠭᠳᠡᠵᠦ ᠪᠠᠶᠢᠬᠤ ᠪᠠᠷ ᠪᠠᠷᠠᠬᠤ ᠦᠭᠡᠢ ᠪᠠᠰᠠ ᠵᠤᠭᠠᠴᠠᠯ ᠤᠨ ᠦᠢᠯᠡᠰ ᠢ ᠡᠷᠬᠢᠯᠡᠬᠦ ᠪᠣᠯᠵᠠᠢ᠃

    ᠰᠢᠯᠤᠭᠤᠨ ᠬᠥᠬᠡ ᠬᠤᠰᠢᠭᠤᠨ ᠤ ᠰᠠᠶᠢᠨᠬᠤᠳᠳᠤᠭ ᠰᠤᠮᠤᠨ ᠤ ᠪᠠᠶᠠᠨᠬᠤᠰᠢᠭᠤ ᠭᠠᠴᠠᠭᠠᠨ ᠤ ᠮᠠᠯᠴᠢᠨ

ᠨᠠᠰᠤᠨ᠋ᠤ᠋ᠷᠲᠤ ᠬᠡᠯᠡᠬᠦ ᠳᠡᠭᠡᠨ᠄ ︽ᠮᠠᠨ ᠤ ᠨᠤᠲᠤᠭ ᠪᠡᠯᠴᠢᠭᠡᠷ ᠶᠡᠷᠡᠭᠡᠳ ᠣᠨ ᠠᠴᠠ ᠡᠬᠢᠯᠡᠨ ᠡᠯᠡᠰᠦᠷᠬᠡᠭᠵᠢᠵᠦ᠂

ᠡᠯᠡᠰᠦᠷᠬᠡᠭᠵᠢᠭᠰᠡᠨ ᠲᠠᠯᠠᠪᠠᠢ ᠪᠠᠷᠤᠭ 80% ᠠᠴᠠ ᠳᠡᠭᠡᠭᠰᠢ ᠪᠣᠯᠤᠭᠰᠠᠨ᠃ ᠪᠡᠭᠡᠵᠢᠩ ᠲᠢᠶᠠᠨᠵᠢᠨ ᠤ ᠰᠠᠯᠬᠢ

ᠡᠯᠡᠰᠦᠨ ᠤ ᠡᠬᠢ ᠶᠢ ᠵᠠᠰᠠᠬᠤ ᠲᠥᠷᠥᠯ ᠵᠦᠢᠯ ᠢ ᠮᠠᠨ ᠤ ᠭᠠᠴᠠᠭᠠᠨ ᠳᠤ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠰᠦ᠋

ᠬᠤᠸᠠ ᠪᠠᠭᠰᠢ ᠪᠣᠯᠣᠨ ᠪᠤᠰᠤᠳ ᠰᠤᠳᠤᠯᠭᠠᠲᠠᠳ ᠪᠢᠳᠡᠨ ᠲᠠᠢ ᠬᠠᠮᠲᠤ ᠡᠯᠡᠰᠦᠷᠬᠡᠭᠵᠢᠭᠰᠡᠨ ᠪᠡᠯᠴᠢᠭᠡᠷ ᠲᠤ ᠶᠠᠮᠠᠷ

ᠲᠡᠵᠢᠭᠡᠪᠦᠷᠢ ᠲᠣᠬᠢᠷᠠᠬᠤ ᠶᠢ ᠰᠤᠳᠤᠯᠤᠨ ᠶᠠᠷᠢᠯᠴᠠᠵᠤ᠂ ᠬᠠᠮᠤᠭ ᠰᠡᠬᠦᠯ ᠳᠡᠭᠡᠨ ᠳᠠᠬᠢᠶ᠎ᠠ ᠲᠡᠵᠢᠭᠡᠨ ᠡᠯᠡᠰᠦ ᠶᠢ ᠵᠠᠰᠠᠬᠤ

ᠵᠠᠭᠪᠤᠷ ᠢ ᠬᠠᠶᠢᠨ ᠰᠦᠪᠡᠭᠴᠢᠯᠡᠵᠦ  ᠭᠠᠷᠭᠠᠭᠰᠠᠨ᠃ ᠣᠳᠣᠬᠠᠨ ᠳᠤ ᠡᠨᠡᠬᠦ ᠵᠠᠭᠪᠤᠷ ᠨᠢ ᠮᠠᠰᠢ ᠠᠮᠵᠢᠯᠲᠠ  ᠲᠠᠢ

ᠶᠠᠪᠤᠭᠳᠠᠵᠤ ᠪᠠᠶᠢᠨ᠎ᠠ︾ ᠭᠡᠯ᠎ᠡ᠃

    20 ᠰᠢᠬᠠᠮ ᠵᠢᠯ ᠤᠨ ᠡᠯᠡᠰᠦ ᠶᠢ ᠵᠠᠰᠠᠬᠤ ᠰᠤᠳᠤᠯᠭᠠᠨ ᠤ ᠳᠤᠮᠳᠠ᠂ ᠰᠦ᠋ ᠬᠤᠸᠠ ᠤᠭ ᠰᠠᠨᠠᠭ᠎ᠠ ᠪᠠᠨ ᠮᠠᠷᠲᠠᠯ

ᠦᠭᠡᠢ ᠥᠨᠥ ᠪᠣᠯᠲᠠᠯ᠎ᠠ ᠠᠵᠢᠯᠯᠠᠭᠰᠠᠭᠠᠷ ᠪᠠᠶᠢᠭ᠎ᠠ ᠶᠤᠮ᠃ ᠲᠡᠭᠦᠨ ᠤ ᠰᠤᠳᠤᠯᠭᠠᠨ ᠤ ᠦᠷ᠎ᠡ ᠪᠦᠲᠦᠭᠡᠯ ᠪᠣᠯᠣᠨ

ᠦᠢᠯᠡᠳᠦᠯᠭᠡ ᠠᠴᠠ ᠣᠯᠣᠭᠰᠠᠨ ᠲᠤᠷᠰᠢᠯᠭ᠎ᠠ ᠨᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠠᠮᠢ ᠠᠬᠤᠢ

ᠣᠷᠴᠢᠨ ᠲᠣᠭᠤᠷᠢᠨ ᠢ ᠰᠠᠶᠢᠵᠢᠷᠠᠭᠤᠯᠬᠤ᠂ ᠡᠯᠡᠰᠦᠷᠬᠡᠭ ᠭᠠᠵᠠᠷ ᠤᠨ ᠠᠵᠤ ᠠᠬᠤᠢ ᠶᠢᠨ ᠬᠥᠭᠵᠢᠯᠲᠡ  ᠶᠢ

ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ

ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠤᠪᠣᠷ ᠨᠠᠨᠳᠢᠨ ᠦᠯᠢᠭᠡᠷ ᠳᠠᠭᠤᠷᠢᠶᠠᠯ

ᠪᠣᠯᠤᠭᠰᠠᠨ ᠪᠠᠶᠢᠨ᠎ᠠ᠃

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号