ᠮᠠᠯᠴᠢᠨ ᠯᠢ ᠱᠤ᠋ ᠴᠧᠨ ᠰᠢᠷ᠎ᠠ ᠪᠤᠷᠭᠠᠰᠤ ᠶᠢ ᠠᠰᠢᠭᠯᠠᠵᠤ ᠤᠷᠤᠯᠭ᠎ᠠ ᠪᠠᠨ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/6/13

    5 ᠰᠠᠷ᠎ᠠ ᠶᠢᠨ 29 ᠤ ᠡᠳᠦᠷ᠂ ᠰᠤᠷᠪᠤᠯᠵᠢᠯᠠᠭᠴᠢ ᠪᠣᠱᠣᠣᠳᠠᠢ ᠰᠤᠮᠤᠨ ᠤ ᠡᠩᠭᠡᠷ ᠭᠠᠴᠠᠭᠠᠨ ᠤ ᠮᠠᠯᠴᠢᠨ ᠯᠢ

ᠱᠤ᠋ ᠴᠧᠨ ᠤᠨ ᠬᠢ ᠪᠠᠷ ᠬᠦᠷᠬᠦ ᠳᠤ᠂ ᠲᠡᠷᠡ ᠶᠠᠭ ᠡᠪᠦᠯ ᠨᠥᠭᠡᠴᠡᠯᠡᠭᠰᠡᠨ ᠰᠢᠷ᠎ᠠ ᠪᠤᠷᠭᠠᠰᠤᠨ ᠤ ᠴᠢᠬᠢ ᠮᠣᠳᠣᠨ  ᠳᠤ

ᠰᠢᠷᠣᠢ ᠨᠡᠮᠡᠨ ᠤᠰᠤ ᠰᠦᠷᠴᠢᠵᠦ᠂ ᠳᠠᠷᠠᠭ᠎ᠠ ᠡᠳᠦᠷ ᠨᠢ ᠵᠥᠭᠡᠭᠡᠪᠦᠷᠢᠯᠡᠬᠦ ᠳᠤ ᠪᠡᠯᠡᠳᠬᠡᠵᠦ ᠪᠠᠶᠢᠯ᠎ᠠ᠃

    ᠰᠢᠷ᠎ᠠ ᠪᠤᠷᠭᠠᠰᠤ ᠪᠣᠯ ᠨᠢᠭᠡ ᠵᠦᠢᠯ ᠤᠨ ᠡᠯᠡᠰᠦᠨ ᠳᠤ ᠤᠷᠭᠤᠬᠤ ᠳᠤ ᠳᠠᠭᠠᠭᠠᠴᠠᠲᠠᠢ ᠪᠤᠲᠠᠯᠢᠭ ᠤᠷᠭᠤᠮᠠᠯ

ᠪᠠᠶᠢᠵᠤ᠂ ᠠᠮᠢᠵᠢᠷᠠᠯ ᠤᠨ ᠬᠦᠴᠦᠨ ᠴᠢᠩᠭ᠎ᠠ᠂ ᠡᠳᠡᠭᠡᠷᠡᠯᠲᠡ ᠶᠢᠨ ᠨᠣᠷᠮ᠎ᠠ ᠥᠨᠳᠥᠷ᠂ ᠭᠠᠩ ᠬᠠᠭᠤᠷᠠᠢ ᠠᠭᠤᠷ  

ᠠᠮᠢᠰᠬᠤᠯ  ᠳᠤ  ᠵᠣᠬᠢᠴᠠᠬᠤ ᠴᠢᠨᠠᠷ ᠢᠶᠠᠷ ᠴᠢᠩᠭ᠎ᠠ᠂ ᠡᠯᠡᠰᠦ ᠶᠢ ᠲᠣᠭᠲᠠᠪᠤᠷᠢᠵᠢᠭᠤᠯᠬᠤ ᠳᠤ  ᠲᠣᠬᠢᠷᠠᠮᠵᠢᠲᠠᠢ  

ᠮᠣᠳᠣᠨ  ᠤ  ᠲᠥᠷᠥᠯ  ᠪᠣᠯᠣᠨ᠎ᠠ᠃ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠶᠠᠪᠤᠴᠠ ᠳᠤ ᠰᠢᠯᠤᠭᠤᠨ

ᠬᠥᠬᠡ ᠬᠤᠰᠢᠭᠤ ᠵᠢᠯ ᠪᠦᠷᠢ ᠬᠡᠳᠦᠨ ᠲᠦᠮᠡᠨ ᠰᠠᠭᠤᠷᠢ ᠰᠢᠷ᠎ᠠ ᠪᠤᠷᠭᠠᠰᠤ ᠪᠠᠷ ᠠᠮᠢ ᠠᠬᠤᠢ ᠣᠷᠴᠢᠨ ᠲᠣᠭᠤᠷᠢᠨ ᠢ

ᠵᠠᠰᠠᠨ ᠰᠠᠶᠢᠵᠢᠷᠠᠭᠤᠯᠳᠠᠭ ᠢᠶᠠᠷ ᠡᠨᠡᠬᠦ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠲᠣᠮᠣᠬᠠᠨ ᠢᠨᠵᠧᠨᠧᠷᠢᠩ ᠳᠤ ᠰᠢᠷ᠎ᠠ

ᠪᠤᠷᠭᠠᠰᠤᠨ ᠤ ᠴᠢᠬᠢ ᠮᠣᠳᠣ ᠬᠡᠷᠡᠭᠰᠡᠬᠦ ᠬᠡᠮᠵᠢᠶ᠎ᠡ ᠴᠦ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠶᠤᠮ᠃

    ᠡᠪᠦᠯ ᠤᠨ ᠤᠯᠠᠷᠢᠯ ᠪᠣᠯ ᠰᠢᠷ᠎ᠠ ᠪᠤᠷᠭᠠᠰᠤ ᠬᠠᠳᠤᠵᠤ ᠨᠥᠭᠡᠴᠡᠯᠡᠬᠦ ᠬᠠᠮᠤᠭ ᠲᠣᠬᠢᠷᠠᠮᠵᠢᠲᠠᠢ ᠬᠤᠭᠤᠴᠠᠭ᠎ᠠ

ᠪᠤᠯᠬᠤ ᠶᠤᠮ᠃ ᠡᠪᠦᠯ ᠪᠣᠯᠪᠠᠯ ᠯᠢ ᠱᠤ᠋ ᠴᠧᠨ ᠥᠪᠡᠷ ᠤᠨ ᠪᠡᠯᠴᠢᠭᠡᠷ ᠠᠴᠠ ᠪᠠᠨ ᠰᠢᠷ᠎ᠠ ᠪᠤᠷᠭᠠᠰᠤ ᠬᠠᠳᠤᠵᠤ

ᠨᠥᠭᠡᠴᠡᠯᠡᠨ᠂ ᠢᠷᠡᠬᠦ ᠬᠠᠪᠤᠷ ᠤᠨ ᠬᠢᠨᠢ ᠪᠤᠷᠭᠠᠰᠤ ᠲᠠᠷᠢᠬᠤ ᠬᠤᠭᠤᠴᠠᠭᠠᠨ ᠳᠤ ᠬᠤᠳᠠᠯᠳᠤᠵᠤ ᠤᠷᠤᠯᠭ᠎ᠠ ᠡᠭᠦᠳᠳᠡᠭ᠃

ᠯᠢ ᠱᠤ᠋ ᠴᠧᠨ ᠪᠢᠳᠡᠨ ᠳᠤ᠂ ᠰᠢᠷ᠎ᠠ ᠪᠤᠷᠭᠠᠰᠤ ᠶᠢ 3 ᠠᠴᠠ 5 ᠵᠢᠯ ᠠᠯᠤᠰᠯᠠᠬᠤ ᠪᠦᠷᠢ  ᠨᠢᠭᠡ  ᠤᠳᠠᠭ᠎ᠠ ᠬᠠᠳᠤᠵᠤ

ᠵᠠᠰᠠᠳᠠᠭ᠃ ᠡᠰᠡᠪᠡᠰᠦ  ᠪᠤᠷᠭᠠᠰᠤᠨ  ᠤ  ᠠᠮᠢᠵᠢᠷᠠᠯ  ᠤᠨ ᠬᠦᠴᠦᠨ ᠨᠢ ᠠᠯᠳᠠᠭᠳᠠᠵᠤ ᠬᠠᠳᠠᠴᠢᠬᠠᠳᠠᠭ᠃ ᠣᠶᠢᠷ᠎ᠠ ᠶᠢᠨ

ᠵᠢᠯ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠲᠦᠷᠭᠡᠳᠬᠦ ᠶᠢ ᠳᠠᠭᠠᠯᠳᠤᠨ᠂ ᠡᠯᠡᠰᠦ ᠶᠢ ᠵᠠᠰᠠᠵᠤ

ᠣᠶᠢᠵᠢᠭᠤᠯᠬᠤ ᠳᠤ ᠶᠡᠭᠡ ᠬᠡᠮᠵᠢᠶᠡᠨ ᠤ ᠴᠢᠬᠢ ᠮᠣᠳᠣ ᠬᠡᠷᠡᠭᠰᠡᠬᠦ ᠪᠣᠯᠤᠭᠰᠠᠨ ᠢᠶᠠᠷ ᠬᠠᠳᠤᠭᠰᠠᠨ ᠰᠢᠷ᠎ᠠ ᠪᠤᠷᠭᠠᠰᠤᠨ ᠤ

ᠴᠢᠬᠢ ᠮᠣᠳᠣ ᠨᠢ ᠨᠡᠩ ᠬᠤᠪᠣᠷ ᠨᠠᠨᠳᠢᠨ ᠵᠦᠢᠯ ᠪᠣᠯᠵᠤ ᠪᠠᠶᠢᠨ᠎ᠠ ᠭᠡᠵᠦ ᠶᠠᠷᠢᠯ᠎ᠠ᠃

    ᠮᠠᠯᠴᠢᠨ ᠯᠢ ᠱᠤ᠋ ᠴᠧᠨ ᠰᠣᠷᠪᠤᠯᠵᠢᠯᠠᠭ᠎ᠠ ᠬᠦᠯᠢᠶᠡᠬᠦ ᠳᠡᠭᠡᠨ᠄ ︽ᠮᠠᠨ ᠤ ᠬᠢ ᠵᠢᠷᠭᠤᠭᠠᠨ ᠵᠠᠭᠤ ᠭᠠᠷᠤᠢ ᠮᠦ

ᠪᠣᠳᠠ ᠮᠣᠳᠣᠨ ᠤ ᠰᠢᠭᠤᠢ ᠲᠠᠢ᠂ ᠡᠭᠦᠨ ᠳᠤ ᠭᠤᠣᠯᠳᠠᠭᠤ ᠰᠢᠷ᠎ᠠ ᠪᠤᠷᠭᠠᠰᠤ ᠤᠷᠭᠤᠳᠠᠭ᠃ ᠵᠢᠯ ᠪᠦᠷᠢ ᠣᠶ ᠰᠢᠭᠤᠢ

ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ ᠵᠥᠪᠰᠢᠶᠡᠷᠡᠭᠰᠡᠨ ᠤ ᠳᠠᠷᠠᠭ᠎ᠠ ᠪᠢ ᠪᠤᠷᠭᠠᠰᠤ ᠵᠠᠰᠠᠵᠤ᠂ ᠬᠠᠳᠤᠭᠰᠠᠨ

ᠰᠠᠯᠠᠭ᠎ᠠ ᠨᠠᠮᠠᠭ᠎ᠠ ᠶᠢ ᠨᠢ ᠨᠥᠭᠡᠴᠡᠯᠡᠨ᠂ ᠳᠠᠷᠠᠭ᠎ᠠ ᠬᠠᠪᠤᠷ ᠬᠡᠷᠡᠭᠯᠡᠬᠦ ᠳᠤ ᠪᠡᠯᠡᠳᠬᠡᠳᠡᠭ᠃ ᠡᠨᠡ ᠨᠢ ᠨᠢᠭᠡ ᠲᠠᠯ᠎ᠠ ᠪᠠᠷ

ᠪᠤᠷᠭᠠᠰᠤᠨ ᠤ ᠤᠷᠭᠤᠯᠲᠠ ᠳᠤ ᠠᠰᠢᠭᠲᠠᠢ ᠪᠠᠶᠢᠵᠤ᠂ ᠨᠥᠭᠦᠭᠡ ᠲᠠᠯ᠎ᠠ ᠪᠠᠷ ᠮᠠᠨ ᠤ ᠭᠡᠷ ᠪᠦᠯᠢ ᠳᠤ ᠵᠣᠬᠢᠬᠤ ᠤᠷᠤᠯᠭ᠎ᠠ

ᠠᠪᠴᠢᠷᠠᠳᠠᠭ︾ ᠭᠡᠯ᠎ᠡ᠃

    ᠡᠶᠢᠨᠬᠦ ᠰᠢᠷ᠎ᠠ ᠪᠤᠷᠭᠠᠰᠤᠨ ᠤ ᠠᠵᠤ ᠠᠬᠤᠢ ᠶᠢᠨ ᠥᠷᠲᠡᠭ ᠳᠡᠭᠡᠭᠰᠢᠯᠡᠭᠰᠡᠨ ᠢᠶᠠᠷ ᠲᠤᠬᠠᠢ ᠶᠢᠨ ᠭᠠᠵᠠᠷ ᠤᠨ

ᠮᠠᠯᠴᠢᠳ ᠤᠨ ᠰᠢᠷ᠎ᠠ ᠪᠤᠷᠭᠠᠰᠤ ᠲᠠᠷᠢᠬᠤ᠂ ᠰᠢᠷ᠎ᠠ ᠪᠤᠷᠭᠠᠰᠤ ᠵᠠᠰᠠᠬᠤ ᠢᠳᠡᠪᠬᠢᠵᠢᠯ ᠢ ᠶᠡᠭᠡ ᠪᠠᠷ  ᠳᠠᠶᠢᠴᠢᠯᠠᠭᠰᠠᠨ

ᠪᠠᠶᠢᠨ᠎ᠠ᠃ ᠯᠢ ᠱᠤ᠋ ᠴᠧᠨ᠂ ᠥᠪᠡᠷ ᠤᠨ ᠪᠡᠯᠴᠢᠭᠡᠷ ᠳᠡᠭᠡᠷᠡᠬᠢ ᠰᠢᠷ᠎ᠠ ᠪᠤᠷᠭᠠᠰᠤᠨ ᠠᠴᠠ ᠪᠠᠨ ᠵᠢᠯ ᠪᠦᠷᠢ 5 ᠲᠦᠮᠡ

ᠭᠠᠷᠤᠢ ᠲᠥᠭᠦᠷᠢᠭ ᠤᠨ ᠣᠷᠣᠯᠭ᠎ᠠ ᠣᠯᠳᠠᠭ ᠪᠥᠭᠡᠳ ᠬᠤᠶᠢᠰᠢᠳᠠ ᠨᠠᠩ ᠣᠯᠠᠨ ᠮᠠᠯᠴᠢᠳ ᠢ ᠳᠠᠶᠢᠴᠢᠯᠠᠨ ︽ᠡᠯᠡᠰᠦ

ᠮᠠᠩᠬ᠎ᠠ ᠶᠢ ᠨᠣᠭᠤᠭᠠᠷᠠᠭᠤᠯᠬᠤ᠂ ᠡᠬᠢ ᠪᠠᠶᠠᠯᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ︾

ᠰᠢᠨ᠎ᠡ ᠬᠡᠯᠪᠡᠷᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠵᠠᠮ ᠢ

ᠰᠦᠪᠡᠭᠴᠢᠯᠡᠬᠦ ᠪᠠᠷ ᠴᠢᠷᠮᠠᠶᠢᠵᠤ ᠪᠤᠢ᠃

 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号