ᠠᠷᠠᠳ ᠲᠤ ᠪᠠᠨ ᠬᠦᠷᠢᠶᠡᠯᠡᠯ ᠲᠠᠢ ᠰᠠᠶᠢᠨ ᠡᠮᠴᠢ ᠴᠣᠭᠲᠤ
ᠨᠡᠶᠢᠲᠡᠯᠡᠭᠰᠡᠨ ᠴᠠᠭ᠄
2024/6/14

    ᠴᠣᠭᠲᠤ ᠪᠣᠯ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠬᠤᠷᠢᠶᠠᠨ

ᠳᠠᠷᠤᠭ᠎ᠠ᠂ ᠴᠢᠰᠤ ᠶᠢ ᠨᠡᠪᠴᠢᠭᠦᠯᠦᠨ ᠢᠯᠭᠠᠷᠠᠭᠤᠯᠬᠤ ᠰᠠᠯᠠᠭᠠᠨ ᠤ ᠡᠷᠬᠢᠯᠡᠭᠴᠢ᠂ ᠭᠤᠣᠯ ᠡᠮᠴᠢ ᠪᠣᠯᠣᠨ᠎ᠠ᠃ ᠤᠯᠠᠨ

ᠵᠢᠯ ᠤᠨ ᠲᠤᠷᠰᠢ᠂ ᠲᠡᠷᠡ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠨ᠂ ᠡᠮᠴᠢ

ᠬᠥᠮᠥᠨ ᠤ ᠡᠷᠬᠢᠮ ᠳᠡᠭᠡᠳᠦ ᠵᠣᠷᠢᠭ ᠰᠠᠨᠠᠭ᠎ᠠ ᠪᠠᠷ ᠡᠪᠡᠳᠴᠢᠲᠡᠨ ᠪᠣᠯᠭᠠᠨ ᠳᠤ ᠦᠢᠯᠡᠴᠢᠯᠡᠵᠦ᠂ ᠪᠣᠳᠠᠲᠤ

ᠠᠵᠢᠯᠯᠠᠭ᠎ᠠ ᠪᠠᠷ ᠢᠶᠠᠨ ᠡᠮᠴᠢᠯᠡᠭᠡᠨ ᠤ ᠠᠵᠢᠯᠲᠠᠨ ᠤ ᠠᠮᠢᠳᠤᠷᠠᠬᠤᠢ ᠶᠢᠨ ᠦᠷᠳᠡᠭ ᠢ ᠢᠯᠡᠷᠡᠭᠦᠯᠵᠦ ᠪᠤᠢ᠃

    ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠴᠢᠰᠤ ᠨᠡᠪᠴᠢᠭᠦᠯᠦᠨ

ᠢᠯᠭᠠᠷᠠᠭᠤᠯᠬᠤ ᠲᠠᠰᠤᠭ ᠲᠤ ᠣᠷᠣᠬᠤ ᠳᠤ ᠴᠣᠭᠲᠤ ᠡᠮᠴᠢ ᠰᠤᠪᠢᠯᠠᠭᠴᠢᠳ ᠲᠠᠢ ᠪᠠᠨ ᠡᠪᠡᠳᠴᠢᠲᠡᠨ ᠤ ᠪᠠᠶᠢᠳᠠᠯ ᠤᠨ

ᠲᠡᠮᠳᠡᠭᠯᠡᠯ ᠢ ᠨᠢᠮᠪᠠᠢ ᠪᠠᠶᠢᠴᠠᠭᠠᠬᠤ ᠶᠢᠨ ᠳᠠᠭᠠᠤ ᠶᠠᠷᠢᠯᠴᠠᠵᠤ ᠶᠠᠭᠠᠷᠠᠯᠲᠠᠢ ᠠᠵᠢᠯᠯᠠᠵᠤ ᠪᠠᠶᠢᠯ᠎ᠠ᠃ ᠴᠣᠭᠲᠤ ᠡᠮᠴᠢ  

ᠵᠠᠰᠠᠭ ᠵᠠᠬᠢᠷᠭᠠᠨ ᠤ ᠲᠠᠯ᠎ᠠ ᠶᠢᠨ ᠲᠤᠬᠠᠶᠢᠯᠠᠭᠰᠠᠨ ᠠᠵᠢᠯ ᠢ ᠬᠢᠬᠦ ᠠᠴᠠ ᠭᠠᠳᠠᠨ᠎ᠠ᠂ ᠡᠳᠦᠷ ᠪᠦᠷᠢ ᠡᠮᠴᠢᠯᠡᠭᠡ ᠬᠢᠬᠦ ᠪᠠᠨ

ᠪᠠᠷᠢᠮᠲᠠᠯᠠᠵᠤ᠂ ᠶᠡᠭᠡ ᠪᠠᠭ᠎ᠠ ᠶᠠᠪᠤᠳᠠᠯ ᠳᠤ ᠴᠥᠮ ᠪᠡᠶ᠎ᠡ ᠪᠠᠷ ᠢᠶᠠᠨ ᠤᠷᠤᠯᠴᠠᠵᠤ᠂ ᠡᠪᠡᠳᠴᠢᠲᠡᠨ ᠳᠤ ᠴᠠᠭ ᠢᠮᠠᠭᠲᠠ

ᠪᠦᠬᠦ ᠬᠦᠴᠦᠨ ᠢᠶᠠᠷ ᠢᠶᠠᠨ ᠦᠢᠯᠡᠴᠢᠯᠡᠭᠰᠡᠭᠡᠷ ᠢᠷᠡᠵᠠᠢ᠃

    ᠴᠣᠭᠲᠤ ᠡᠮᠴᠢ ᠡᠮᠴᠢᠯᠡᠭᠡᠨ ᠤ ᠠᠵᠢᠯ ᠢ ᠬᠤᠷᠢᠭᠠᠳ ᠵᠢᠯ ᠬᠢᠵᠦ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ

ᠬᠢᠨᠠᠮᠠᠭᠠᠢ ᠭᠦᠢᠴᠡᠳᠬᠡᠵᠦ᠂ ᠨᠠᠮ ᠤᠨ ᠭᠡᠰᠢᠭᠦᠨ ᠤ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠠᠷᠠᠳ ᠤᠯᠠᠠ ᠢ

ᠰᠡᠳᠬᠢᠯ ᠬᠠᠨᠤᠮᠵᠢᠳᠠᠢ ᠪᠠᠶᠢᠯᠭᠠᠬᠤ ᠶᠢ ᠥᠪᠡᠷ ᠤᠨ ᠡᠮᠴᠢᠯᠡᠭᠡᠨ ᠤ ᠪᠠᠷᠢᠮᠵᠢᠶ᠎ᠠ ᠪᠣᠯᠭᠠᠵᠤ᠂ ᠥᠪᠡᠷ ᠢ ᠪᠠᠨ ᠴᠢᠩᠭ᠎ᠠ

ᠱᠠᠭᠠᠷᠳᠠᠵᠤ ᠢᠷᠡᠭᠰᠡᠨ ᠶᠤᠮ᠃ ︽ᠡᠮᠴᠢ ᠪᠣᠯᠤᠭᠰᠠᠨ ᠤ ᠬᠤᠪᠢ ᠳᠤ ᠡᠮᠴᠢ ᠶᠢᠨ ᠡᠭᠦᠷᠭᠡ ᠬᠠᠷᠢᠭᠤᠴᠠᠯᠭ᠎ᠠ ᠲᠠᠢ

ᠪᠠᠶᠢᠬᠤ ᠬᠡᠷᠡᠭᠲᠡᠢ︔ ᠡᠪᠡᠳᠴᠢᠲᠡᠨ ᠲᠠᠢ ᠨᠦᠭᠦᠷᠰᠡᠭ  ᠬᠠᠷᠢᠴᠠᠵᠤ᠂ ᠡᠪᠡᠳᠴᠢᠲᠡᠨ ᠤ ᠠᠵᠤ ᠠᠬᠤᠢ ᠪᠠ ᠡᠪᠡᠳᠴᠢᠨ ᠤ

ᠲᠠᠯ᠎ᠠ ᠪᠠᠷ ᠵᠥᠪ ᠵᠢᠯᠣᠭᠤᠳᠤᠯᠭ᠎ᠠ ᠥᠭᠴᠦ᠂ ᠡᠮᠴᠢᠯᠡᠭᠡᠨ ᠤ ᠢᠲᠡᠭᠡᠯ ᠵᠣᠷᠢᠭ ᠢ ᠴᠢᠩᠭᠠᠯᠠᠵᠤ᠂ ᠦᠵᠡᠯ ᠰᠠᠨᠠᠭᠠᠨ ᠤ

ᠠᠵᠢᠯ ᠬᠢᠵᠦ ᠲᠡᠳᠡᠡ ᠤ ᠡᠪᠡᠳᠴᠢᠨ ᠢᠶᠠᠨ ᠵᠠᠰᠠᠬᠤ ᠵᠣᠷᠢᠭ ᠢ ᠬᠥᠪᠴᠢᠯᠡᠵᠦ ᠥᠭᠭᠦᠨ᠎ᠡ︔ ᠬᠤᠶᠢᠰᠢᠳᠠ ᠪᠢᠳᠡ

ᠦᠷᠭᠦᠯᠵᠢᠯᠡᠨ ᠡᠪᠡᠳᠴᠢᠲᠡᠨ ᠢᠶᠠᠷ ᠭᠤᠣᠯ ᠪᠣᠯᠭᠠᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ

ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠤᠰᠤᠳ ᠡᠮᠨᠡᠯᠭᠡ ᠶᠢᠨ ᠬᠤᠷᠢᠶ᠎ᠠ᠂ ᠮᠡᠳᠡᠭᠡᠯᠡᠯ ᠢᠶᠠᠷ ᠲᠠᠮᠵᠢᠵᠤ ᠥᠪᠡᠷ ᠤᠨ

ᠬᠢᠷᠢ ᠬᠡᠮᠵᠢᠶ᠎ᠡ ᠪᠠᠨ ᠲᠡᠭᠡᠭᠰᠢᠯᠡᠭᠦᠯᠵᠥ᠂ ᠡᠪᠡᠳᠴᠢᠲᠡᠨ ᠳᠤ ᠪᠠᠨ ᠨᠡᠩ ᠰᠠᠶᠢᠨ ᠴᠢᠨᠠᠷᠲᠠᠢ ᠡᠮᠴᠢᠯᠡᠭᠡ ᠬᠦᠷᠲᠡᠭᠡᠬᠦ ᠶᠢ

ᠪᠤᠳᠤᠵᠤ ᠪᠠᠶᠢᠨ᠎ᠠ︾ ᠭᠡᠵᠦ ᠴᠣᠭᠲᠤ ᠡᠮᠴᠢ ᠶᠠᠷᠢᠵᠤ ᠪᠠᠶᠢᠯ᠎ᠠ᠃

    ᠡᠳᠦᠷ ᠲᠤᠲᠤᠮ ᠤᠨ ᠣᠨᠣᠰᠢᠯᠠᠨ ᠡᠮᠨᠡᠬᠦ ᠠᠵᠢᠯ ᠤᠨ ᠳᠤᠮᠳᠠ᠂ ᠴᠣᠭᠲᠤ ᠡᠮᠴᠢ ᠤᠯᠤᠰ ᠤᠨ ᠦᠨᠳᠦᠰᠦᠨ

ᠡᠮ ᠤᠨ ᠵᠦᠢᠯᠡᠰ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠠᠶᠢᠴᠠᠭᠠᠯᠲᠠ ᠠᠴᠠ ᠡᠮᠨᠡᠨ  ᠵᠠᠰᠠᠬᠤ ᠶᠠᠪᠤᠴᠠ

ᠪᠦᠷᠢ ᠳᠤ ᠡᠪᠡᠳᠴᠢᠲᠡᠨ  ᠤ ᠪᠠᠶᠢᠳᠠᠯ ᠢ ᠪᠣᠳᠣᠯᠬᠢᠯᠠᠵᠤ᠂ ᠬᠢᠮᠳᠠ ᠡᠮ ᠢᠶᠠᠷ ᠵᠠᠰᠠᠬᠤ ᠡᠪᠡᠳᠴᠢᠨ ᠳᠤ ᠦᠨ᠎ᠡ ᠲᠠᠢ ᠡᠮ

ᠵᠠᠷᠤᠬᠤ  ᠦᠭᠡᠢ  ᠪᠠᠶᠢᠵᠤ᠂ ᠪᠠᠭ᠎ᠠ ᠬᠡᠮᠵᠢᠶᠡᠨ ᠤ ᠡᠮ ᠬᠡᠷᠡᠭᠯᠡᠬᠦ ᠡᠪᠡᠳᠴᠢᠨ ᠳᠤ ᠢᠯᠡᠭᠦᠴᠡ ᠡᠮ ᠬᠡᠷᠡᠭᠯᠡᠬᠦ ᠦᠭᠡᠢ

ᠪᠠᠶᠢᠳᠠᠭ᠃ ᠴᠣᠭᠲᠤ ᠡᠮᠴᠢ ᠡᠪᠡᠳᠴᠢᠲᠡᠨ ᠨᠢᠭᠡᠪᠦᠷᠢ ᠶᠢᠨ ᠶᠠᠷᠢᠬᠤ ᠶᠢ  ᠬᠦᠯᠢᠴᠡᠩᠭᠦᠢ ᠪᠠᠷ ᠰᠣᠨᠣᠰᠴᠤ᠂

ᠡᠪᠡᠳᠴᠢᠨ ᠤ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠡᠪᠡᠳᠴᠢᠲᠡᠨ ᠨᠢᠭᠡᠪᠦᠷᠢ ᠳᠤ ᠴᠢᠨᠠᠷ ᠰᠠᠶᠢᠲᠠᠢ ᠥᠨᠳᠥᠷ

ᠪᠦᠲᠦᠮᠵᠢᠲᠡᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠴᠢᠷᠮᠠᠶᠢᠨ ᠠᠵᠢᠯᠯᠠᠳᠠᠭ᠃ ︽ᠮᠢᠨᠤ ᠡᠵᠢ ᠶᠢᠨ ᠠᠭᠤᠰᠬᠢ

 ᠨᠢ ᠮᠠᠭᠤ᠂ ᠴᠢᠰᠤᠨ ᠳᠠᠷᠤᠯᠲᠠ ᠥᠨᠳᠥᠷ ᠪᠠᠶᠢᠳᠠᠭ︔ ᠡᠨᠡ ᠤᠳᠠᠭ᠎ᠠ ᠠᠮᠢᠰᠬᠤᠭ᠎ᠠ ᠴᠢᠬᠤᠯᠳᠠᠬᠤ ᠨᠢ

ᠬᠥᠨᠲᠥᠷᠦᠭᠰᠡᠨ ᠠᠴᠠ ᠴᠣᠭᠲᠤ ᠡᠮᠴᠢ ᠶᠢ ᠡᠷᠢᠵᠦ ᠦᠵᠡᠭᠦᠯᠦᠭᠰᠡᠨ︔ ᠡᠨᠡ ᠬᠤᠶᠠᠷ ᠡᠳᠦᠷ ᠨᠡᠯᠢᠶᠡᠳ ᠢᠯᠠᠷᠢᠰᠢᠭᠰᠠᠨ︔

ᠪᠢᠳᠡ ᠦᠷᠭᠦᠯᠵᠢ ᠴᠣᠭᠲᠤ ᠡᠮᠴᠢ ᠶᠢ ᠡᠷᠢᠵᠦ ᠡᠪᠡᠳᠴᠢᠨ ᠦᠵᠡᠭᠦᠯᠳᠡᠭ︔ ᠲᠡᠭᠦᠨ ᠤ ᠡᠪᠡᠳᠴᠢᠨ ᠦᠵᠡᠬᠦ ᠨᠢ

ᠮᠠᠰᠢ ᠰᠠᠶᠢᠨ︾ ᠭᠡᠵᠦ  ᠡᠵᠢ ᠪᠠᠨ ᠦᠵᠡᠬᠦᠯᠬᠦ ᠪᠠᠷ ᠢᠷᠡᠭᠰᠡᠨ ᠵᠠᠩ ᠹᠧᠩ ᠯᠢᠩ ᠶᠠᠷᠢᠯ᠎ᠠ᠃

 
ᠢᠷᠡᠯᠲᠡ᠄ ᠬᠥᠪᠡᠭᠡᠲᠦ ᠰᠢᠷ᠎ᠡ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号