ᠮᠣᠬᠤᠰᠢ ᠦᠭᠡᠢ ᠵᠣᠷᠢᠭ ᠢ ᠰᠣᠷᠢᠭᠰᠠᠨ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ
ᠨᠡᠶᠢᠲᠡᠯᠡᠭᠰᠡᠨ ᠴᠠᠭ᠄
2024/6/14

    6 ᠰᠠᠷ᠎ᠠ ᠶᠢᠨ 8 ᠤ ᠡᠳᠦᠷ᠂ 2024 ᠣᠨ ᠤ ᠰᠢᠯᠢ ᠶᠢᠨ ᠭᠤᠣᠯ ᠤᠨ ᠮᠣᠩᠭᠤᠯ ᠮᠣᠷᠢᠨ ᠤ ᠬᠤᠯᠪᠣᠭᠠᠲᠤ

ᠤᠷᠤᠯᠳᠤᠭᠠᠨ ᠤ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠳᠠᠬᠢ ᠬᠤᠪᠢᠶᠠᠷᠢ ᠲᠠᠯᠠᠪᠠᠢ

ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠠᠶ᠋ᠢᠩᠭᠢᠷᠸ᠎ᠠ ᠨᠠᠭᠠᠳᠤᠮ ᠤᠨ ᠲᠠᠯᠠᠪᠠᠢ ᠳᠤ ᠲᠡᠭᠦᠰ ᠠᠮᠵᠢᠯᠲᠠ ᠲᠠᠢ

ᠶᠠᠪᠤᠭᠳᠠᠵᠠᠢ᠃

    ᠡᠬᠢᠯᠡᠯᠲᠡ ᠶᠢᠨ ᠶᠣᠰᠣᠯᠠᠯ ᠳᠡᠭᠡᠷ᠎ᠡ᠂ ᠤᠨᠤᠭᠠᠴᠢᠳ ᠤᠯᠤᠰ ᠤᠨ ᠲᠤᠭ ᠢᠶᠠᠨ ᠥᠨᠳᠥᠷ ᠡᠷᠭᠦᠨ ᠵᠢᠭᠰᠠᠭᠠᠯ

ᠶᠠᠪᠤᠵᠤ᠂ ᠤᠯᠠᠭᠠᠨᠮᠥ᠋ᠴᠢᠷ ᠤᠨ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ

ᠦᠵᠡᠭᠴᠢᠳ ᠤᠨ ᠤᠷᠮ᠎ᠠ ᠵᠣᠷᠢᠭ ᠢ ᠬᠥᠭᠵᠢᠭᠡᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂

ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠳᠠᠪᠰᠢᠯᠲᠤ ᠤᠷᠤᠯᠳᠤᠭᠠᠨ ᠡᠬᠢᠯᠡᠭᠰᠡᠨ ᠢ ᠵᠠᠷᠯᠠᠵᠤ᠂

ᠳᠡᠳ᠋ ᠬᠤᠰᠢᠭᠤ ᠳᠠᠷᠤᠭ᠎ᠠ ᠣᠶᠤᠨᠲᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠤᠷᠭᠢᠯ᠂ ᠰᠣᠶᠣᠯ

ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ

ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃

    ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠥᠪᠡᠭᠡᠲᠦ

ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠳᠠᠬᠢ ᠬᠤᠪᠢᠶᠠᠷᠢ ᠲᠠᠯᠠᠪᠠᠢ ᠤᠷᠤᠯᠳᠤᠭᠠᠨ ᠪᠢᠴᠢᠭᠲᠦ

ᠬᠤᠲᠠᠨ ᠳᠤ ᠶᠠᠪᠤᠭᠳᠠᠨ᠂ ᠣᠨᠣᠭᠰᠠᠨ ᠡᠵᠡᠳ ᠨᠢ ᠤᠷᠤᠯᠳᠤᠭᠠᠨ ᠮᠣᠷᠢᠨ ᠤ ᠪᠠᠨ ᠰᠢᠨᠳᠠᠰᠤ ᠶᠢ ᠰᠣᠷᠢᠨ

ᠳᠠᠪᠬᠢᠭᠤᠯᠵᠤ᠂ ᠬᠤᠷᠳᠤᠨ ᠬᠦᠯᠦᠭ ᠨᠢ ᠤᠶᠠᠭᠰᠠᠨ ᠡᠵᠡᠨ ᠤ ᠪᠠᠨ ᠤᠬᠠᠭᠠᠨ ᠢ ᠬᠠᠷᠠᠭᠤᠯᠤᠨ ᠳᠣᠪᠲᠣᠯᠵᠤ ᠪᠠᠶᠢᠯ᠎ᠠ᠃

    ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠳᠤ ᠨᠡᠶᠢᠲᠡ 2 ᠲᠥᠷᠥᠯ ᠤᠨ 4 ᠤᠷᠤᠯᠳᠤᠭᠠᠨ

ᠲᠣᠬᠢᠷᠠᠭᠤᠯᠵᠠᠢ᠃ ᠲᠣᠰ ᠲᠣᠰ ᠬᠤᠷᠳᠤᠴᠠ ᠮᠥᠷᠥᠶᠢᠴᠡᠬᠦ ᠲᠥᠷᠥᠯ ᠪᠠ ᠪᠤᠰᠤᠳ ᠤᠷᠤᠯᠳᠤᠭᠠᠨ ᠤ ᠲᠥᠷᠥᠯ

ᠪᠣᠯᠣᠨ᠎ᠠ᠃ ᠡᠭᠦᠨ ᠳᠤ 60 ᠭᠠᠵᠠᠷ ᠤᠨ ᠠᠯᠤᠰ ᠤᠨ ᠮᠣᠷᠢᠨ ᠤ ᠤᠷᠤᠯᠳᠤᠭᠠᠨ᠂ 30 ᠭᠠᠵᠠᠷ ᠤᠨ ᠳᠤᠭᠤᠶᠢᠯᠠᠩ ᠤᠨ

ᠬᠦᠴᠦᠨ ᠵᠠᠯᠭᠠᠬᠤ ᠤᠷᠤᠯᠳᠤᠭᠠᠨ᠂ ᠮᠣᠩᠭᠤᠯ ᠮᠣᠷᠢᠨ ᠤ ᠭᠤᠸ᠎ᠠ ᠰᠢᠯᠭᠠᠷᠠᠭᠤᠯᠬᠤ ᠤᠷᠤᠯᠳᠤᠭᠠᠨ ᠪᠠ ᠠᠳᠤᠭᠤᠨ

ᠰᠣᠶᠣᠯ ᠤᠨ ᠰᠣᠨᠢᠷᠬᠠᠯᠳᠤ ᠤᠷᠤᠯᠳᠤᠭᠠᠨ ᠵᠡᠷᠭᠡ ᠪᠠᠭᠲᠠᠨ᠎ᠠ᠃ 60 ᠭᠠᠵᠠᠷ ᠤᠨ ᠠᠯᠤᠰ ᠤᠨ ᠮᠣᠷᠢᠨ ᠤ  

ᠤᠷᠤᠯᠳᠤᠭᠠᠨ ᠳᠤ  ᠰᠡᠭᠦᠵᠢ ᠭᠠᠴᠠᠭᠠᠨ ᠤ ᠴᠡᠩᠭᠡᠯᠲᠦ ᠶᠢᠨ ᠮᠣᠷᠢ ᠠᠵᠢᠨᠠᠢ ᠬᠦᠯᠦᠭ᠂ ᠬᠤᠨᠢᠴᠢᠨ ᠬᠠᠰᠢᠶᠠᠲᠤ

ᠭᠠᠴᠠᠭᠠᠨ ᠤ ᠡᠩᠬᠡᠪᠠᠶᠠᠷ ᠤᠨ ᠮᠣᠷᠢ ᠨᠠᠷᠠᠨ ᠮᠠᠨᠳᠤᠯ᠂ ᠪᠤᠯᠲᠤ ᠭᠠᠴᠠᠭᠠᠨ ᠤ ᠬᠥᠭᠵᠢᠯᠲᠦ ᠶᠢᠨ ᠮᠣᠷᠢ ᠰᠤᠮᠤᠨ

ᠴᠠᠭᠠᠨ ᠢᠶᠠᠷ ᠲᠤᠰ ᠲᠤᠰ ᠲᠣᠳᠣᠷᠠᠵᠠᠢ︔ 30 ᠭᠠᠵᠠᠷ ᠤᠨ ᠳᠤᠭᠤᠶᠢᠯᠠᠩ ᠤᠨ ᠬᠦᠴᠦᠨ ᠵᠠᠯᠭᠠᠬᠤ ᠤᠷᠤᠯᠳᠤᠭᠠᠨ ᠤ

ᠡᠮᠦᠨ᠎ᠡ 3 ᠨᠡᠷᠡᠰ ᠲᠤ ᠱᠠᠩᠨᠠᠯ ᠬᠥᠬᠢᠭᠦᠯᠦᠯ ᠭᠠᠷᠳᠠᠭᠤᠯᠵᠠᠢ᠃

    ᠲᠤᠰ  ᠤᠳᠠᠭᠠᠨ  ᠤ  ᠤᠷᠣᠯᠳᠤᠭᠠᠨ   ᠨᠢ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠲᠠᠯ᠎ᠠ ᠨᠤᠲᠤᠭ ᠤᠨ

ᠰᠣᠶᠣᠯ ᠤᠨ ᠷᠢᠳᠢ ᠰᠢᠳᠢ ᠶᠢ ᠨᠡᠩ ᠤᠯᠠᠨ ᠬᠥᠮᠥᠰ ᠲᠤ ᠣᠶᠢᠯᠠᠭᠠᠭᠤᠯᠤᠭᠰᠠᠨ ᠪᠠᠶᠢᠨ᠎ᠠ᠃ ︽ᠮᠣᠷᠢᠨ ᠤᠷᠤᠯᠳᠤᠭᠠᠨ

ᠦᠵᠡᠬᠦ ᠪᠣᠯ ᠮᠢᠨᠤ ᠤᠤᠯ ᠠᠴᠠ ᠪᠠᠨ ᠬᠦᠰᠡᠨ ᠮᠥᠷᠥᠭᠡᠳᠴᠦ ᠪᠠᠶᠢᠭᠰᠠᠨ ᠶᠠᠪᠤᠳᠠᠯ ᠮᠥᠨ︔ ᠬᠦᠰᠡᠨ

ᠮᠥᠷᠥᠭᠡᠳᠦᠭᠰᠡᠨ ᠲᠠᠯ᠎ᠠ ᠨᠤᠲᠤᠭ ᠲᠠᠭᠠᠨ ᠢᠷᠡᠵᠦ ᠡᠶᠢᠮᠦ ᠤᠷᠤᠯᠳᠤᠭᠠᠨ ᠢ ᠣᠯᠵᠤ ᠦᠵᠡᠭᠰᠡᠨ ᠳᠡᠭᠡᠨ ᠦᠨᠡᠬᠡᠷ

ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ︔ ᠪᠢ ᠮᠣᠷᠢᠨ ᠤᠷᠤᠯᠳᠤᠭᠠᠨ ᠶᠠᠪᠤᠭᠳᠠᠭᠤᠯᠬᠤ ᠮᠡᠳᠡᠭᠡ ᠶᠢ ᠣᠯᠵᠤ

ᠦᠵᠡᠮᠡᠭᠴᠡ ᠲᠤᠰᠬᠠᠶᠢᠯᠠᠨ ᠬᠦᠷᠴᠦ ᠢᠷᠡᠭᠰᠡᠨ ᠶᠤᠮ︾ ᠭᠡᠵᠦ ᠬᠤᠪᠧᠢ ᠮᠤᠵᠢ ᠶᠢᠨ ᠬᠤᠸᠠᠩᠭᠠᠩ ᠬᠤᠲᠠ ᠶᠢᠨ

ᠵᠤᠭᠠᠴᠠᠭᠴᠢ ᠸᠧᠨ ᠳ᠋ᠠ ᠬᠠᠨ ᠶᠠᠷᠢᠯ᠎ᠠ᠃

 
ᠢᠷᠡᠯᠲᠡ᠄ ᠬᠥᠪᠡᠭᠡᠲᠦ ᠰᠢᠷ᠎ᠡ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号