ᠵᠠᠰᠠᠭ ᠤᠨ ᠶᠠᠪᠤᠳᠠᠯ ᠢ ᠢᠯᠡ ᠪᠤᠯᠭᠠᠬᠤ ᠠᠷᠭ᠎ᠠ ᠠᠪᠴᠢᠯ ᠢᠶᠠᠨ ᠰᠠᠶᠢᠵᠢᠷᠠᠭᠤᠯᠵᠤ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠎ᠡ
ᠨᠡᠶᠢᠲᠡᠯᠡᠭᠰᠡᠨ ᠴᠠᠭ᠄
2024/6/17
    ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠪᠣᠯ ᠵᠠᠰᠠᠭ ᠤᠨ ᠣᠷᠳᠣᠨ ᠪᠠ ᠤᠯᠠᠨ ᠨᠡᠶᠢᠲᠡ ᠶᠢᠨ ᠬᠤᠭᠤᠷᠣᠨᠳᠣᠬᠢ ᠴᠢᠬᠤᠯᠠ ᠬᠥᠭᠦᠷᠭᠡ᠂ ᠪᠠᠰᠠ ᠴᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠃ ᠲᠠᠶᠢᠹᠤᠰᠧ ᠬᠤᠰᠢᠭᠤ ᠨᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠷᠢᠮᠵᠢᠶᠠᠵᠢᠵᠤ ᠳᠦᠷᠢᠮᠵᠢᠭᠰᠡᠨ ᠪᠠᠶᠢᠭᠤᠯᠤᠯᠲᠠ ᠪᠠ ᠵᠠᠰᠠᠭ ᠤᠨ ᠣᠷᠳᠣᠨ ᠤ ᠰᠦᠯᠵᠢᠶᠡᠨ ᠤ ᠡᠷᠴᠢᠮᠵᠢᠭᠰᠡᠨ ᠲᠠᠪᠴᠠᠩ ᠤᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠨᠡᠶᠢᠲᠡᠯᠡᠬᠦ ᠶᠠᠪᠤᠴᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠶᠠᠰᠤ ᠴᠢᠨᠠᠷ ᠢ ᠰᠠᠶᠢᠵᠢᠷᠠᠭᠤᠯᠤᠨ ᠦᠷ᠎ᠡ ᠠᠰᠢᠭ ᠢ ᠨᠡᠮᠡᠭᠳᠡᠭᠦᠯᠵᠦ ᠪᠠᠶᠢᠨ᠎ᠠ᠃ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ︽ᠱᠠᠲᠤ ᠬᠤᠪᠢᠶᠠᠵᠤ ᠬᠢᠨᠠᠨ ᠬᠠᠷᠭᠤᠭᠤᠯᠬᠤ᠂ ᠤᠷᠢᠳᠠᠪᠠᠷ ᠬᠢᠨᠠᠵᠤ ᠳᠠᠷᠠᠭ᠎ᠠ ᠨᠢ ᠨᠡᠶᠢᠲᠡᠯᠡᠬᠦ︾ ᠵᠠᠷᠴᠢᠮ ᠶᠣᠰᠣᠭᠠᠷ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠨᠡᠶᠢᠲᠡᠯᠡᠬᠦ ᠶᠠᠪᠤᠴᠠ ᠳᠠᠬᠢ ᠬᠢᠨᠠᠨ ᠬᠠᠷᠭᠤᠭᠤᠯᠬᠤ ᠠᠵᠢᠯ ᠢ ᠰᠠᠶᠢᠨ ᠬᠢᠵᠦ᠂ ᠰᠢᠨ᠎ᠡ ᠵᠠᠭᠤᠴᠢᠯᠠᠭᠤᠷ ᠤᠨ ᠬᠡᠷᠡᠭᠯᠡᠯᠲᠡ ᠶᠢ ᠳᠡᠭᠡᠭᠰᠢᠯᠡᠭᠦᠯᠦᠨ᠂  ᠮᠡᠳᠡᠭᠡ ᠵᠠᠩᠭᠢ ᠳᠠᠮᠵᠢᠭᠤᠯᠬᠤ ᠬᠤᠷᠳᠤᠴᠠ ᠪᠠ ᠥᠷᠭᠡᠴᠡ ᠶᠢ ᠨᠡᠮᠡᠭᠳᠡᠭᠦᠯᠦᠭᠰᠡᠨ ᠤ ᠬᠠᠮᠲᠤ ᠰᠢᠨ᠎ᠡ ᠵᠠᠭᠤᠴᠢᠯᠠᠭᠤᠷ ᠤᠨ ᠲᠠᠪᠴᠠᠩ ᠤᠨ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠳᠠᠭᠠᠨ ᠠᠮᠤᠷ ᠲᠦᠪᠰᠢᠨ ᠪᠠ ᠨᠠᠶᠢᠳᠠᠪᠤᠷᠢᠲᠤ ᠴᠢᠨᠠᠷ ᠢ   ᠪᠠᠲᠤᠯᠠᠭᠰᠠᠨ ᠪᠠᠶᠢᠨ᠎ᠠ᠃ ᠲᠤᠰ ᠬᠤᠰᠢᠭᠤ ᠨᠢ  ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ︾ ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠪᠠᠶᠢᠭᠤᠯᠵᠤ᠂ ᠵᠠᠰᠠᠭ ᠤᠨ ᠣᠷᠳᠣᠨ ᠤ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠪᠠᠷ ᠳᠠᠮᠵᠢᠨ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠢᠯᠡ ᠲᠣᠳᠣ ᠨᠡᠶᠢᠲᠡᠯᠡᠵᠦ᠂ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ  ᠭᠦᠢᠴᠡᠳᠬᠡᠬᠦ ᠵᠡᠷᠭᠡ ᠴᠢᠳᠠᠮᠵᠢ ᠶᠢ ᠡᠷᠴᠢᠮᠵᠢᠭᠦᠯᠦᠭᠰᠡᠨ ᠤ ᠬᠠᠮᠲᠤ᠂ ᠰᠦᠯᠵᠢᠶᠡᠨ ᠭᠠᠳᠠᠨ᠎ᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠡᠶᠡᠴᠢᠯᠡᠨ ᠣᠶᠢᠯᠠᠭᠠᠬᠤ ᠲᠣᠭᠤᠷᠢᠭ ᠢ ᠪᠠᠶᠢᠭᠤᠯᠵᠤ᠂  ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠷᠢᠮᠵᠢᠶᠠᠵᠢᠵᠤ ᠳᠦᠷᠢᠮᠵᠢᠭᠰᠡᠨ ᠪᠠᠶᠢᠭᠤᠯᠤᠯᠲᠠ ᠪᠠᠷ ᠵᠢᠯᠣᠭᠤᠳᠤᠮᠵᠢ  ᠪᠣᠯᠭᠠᠨ  ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠢ ᠲᠣᠭᠤᠷᠢᠭ ᠬᠢᠭᠡᠳ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠤᠨ ᠭᠦᠨᠵᠡᠭᠡᠢ ᠠᠭᠤᠰᠤᠯᠴᠠᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠭᠤᠯᠭ᠎ᠠ ᠶᠢᠨ ᠭᠦᠨᠴᠡ ᠪᠠ ᠥᠷᠭᠡᠴᠡ ᠶᠢ ᠨᠡᠮᠡᠭᠳᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠣᠭᠠᠨ ᠤ ᠢᠯᠡ ᠪᠤᠯᠭᠠᠬᠤ ᠡᠷᠴᠢᠮ ᠢ ᠴᠢᠩᠭᠠᠷᠠᠭᠤᠯᠤᠨ᠂ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠬᠦ ᠪᠠᠨ ᠴᠢᠩᠭᠠᠳᠬᠠᠵᠤ᠂ ᠵᠠᠰᠠᠭ ᠤᠨ ᠣᠷᠳᠣᠨ ᠬᠢᠭᠡᠳ ᠤᠯᠠᠨ ᠨᠡᠶᠢᠳᠡ ᠶᠢᠨ ᠬᠠᠷᠢᠯᠴᠠᠵᠤ ᠨᠡᠪᠲᠡᠷᠡᠯᠴᠡᠬᠦ ᠶᠢ ᠠᠬᠢᠭᠤᠯᠤᠨ᠂ 12345 ᠦᠢᠯᠡᠴᠢᠯᠡᠭᠡᠨ ᠤ ᠤᠲᠠᠰᠤ  ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡᠨ ᠤ ᠲᠠᠪᠴᠠᠩ ᠵᠡᠷᠭᠡ ᠳᠤ ᠲᠦᠰᠢᠭᠯᠡᠵᠦ᠂ ︽ᠰᠡᠳᠬᠢᠯ ᠢ ᠳᠤᠯᠠᠭᠠᠴᠠᠭᠤᠯᠬᠤ ᠬᠡᠯᠪᠡᠷᠢ︾ ᠪᠠᠷ ᠬᠠᠷᠢᠭᠤᠯᠲᠠ ᠥᠭᠴᠦ᠂ ᠣᠯᠠᠨ ᠲᠦᠮᠡᠨ ᠢ ᠳᠤᠲᠠᠭᠤ ᠭᠦᠶᠦᠯᠭᠡᠨ᠂ ᠵᠠᠰᠠᠭ ᠤᠨ ᠶᠠᠪᠤᠳᠠᠯ ᠢ ᠢᠯᠡ ᠪᠣᠯᠭᠠᠬᠤ  ᠠᠵᠢᠯ ᠤᠨ ᠶᠠᠰᠤ ᠴᠢᠨᠠᠷ ᠢ ᠲᠡᠭᠡᠭᠰᠢᠯᠡᠬᠦᠯᠵᠦ᠂ ᠵᠠᠰᠠᠭ ᠤᠨ ᠣᠷᠳᠣᠨ ᠤ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ  ᠨᠡᠪᠲᠡᠷᠡᠭᠦᠯᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号