ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠪᠠᠶᠠᠨᠨᠠᠭᠤᠷ ᠭᠠᠴᠠᠭ᠎ᠠ ᠪᠣᠯ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠬᠤᠶᠢᠲᠤ ᠵᠠᠬ᠎ᠠ ᠪᠠᠷ ᠪᠠᠶᠢᠷᠢᠯᠠᠵᠤ᠂ ᠡᠯᠡᠰᠦᠷᠬᠡᠭ ᠭᠠᠵᠠᠷ ᠤᠨ ᠲᠠᠯ᠎ᠠ ᠨᠤᠲᠤᠭ ᠲᠤ | ᠬᠠᠷᠢᠶᠠᠯᠠᠭᠳᠠᠵᠤ᠂ ᠪᠦᠬᠦ ᠭᠠᠴᠠᠭᠠᠨ ᠤ 61 ᠲᠦᠮᠡᠨ ᠮᠦ ᠨᠤᠲᠤᠭ ᠪᠡᠯᠴᠢᠭᠡᠷ ᠤᠨ ᠡᠯᠡᠰᠦᠷᠬᠡᠭ ᠭᠠᠵᠠᠷ ᠨᠢ ᠵᠠᠭᠤᠨ ᠤ | ᠶᠡᠷᠡ ᠭᠠᠷᠤᠢ ᠶᠢ ᠡᠵᠡᠯᠡᠵᠦ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ ᠡᠭᠦᠷᠭᠡ ᠬᠦᠨᠳᠦ | ᠪᠠᠶᠢᠳᠠᠭ᠃ ᠤᠳᠤ ᠪᠣᠯᠬᠤ ᠳᠤ᠂ ᠣᠢ ᠰᠢᠭᠤᠢ ᠮᠣᠳᠣ ᠬᠥᠬᠡᠷᠡᠨ ᠨᠣᠭᠤᠭᠠᠷᠠᠵᠤ᠂ ᠨᠠᠭᠤᠷ ᠤᠨ ᠤᠰᠤ ᠲᠤᠩᠭᠠᠯᠠᠭᠰᠢᠵᠤ᠂ | ᠡᠯ᠎ᠡ ᠵᠦᠢᠯ ᠤᠨ ᠰᠢᠪᠠᠭᠤᠳ ᠤᠨ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠭᠠᠵᠠᠷ ᠪᠣᠯᠵᠤ᠂ ᠮᠠᠩᠬᠠᠨ | ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠯᠲᠡ ᠶᠢᠨ ᠰᠢᠨ᠎ᠡ ᠵᠢᠷᠤᠭ ᠡᠨᠡ ᠨᠤᠲᠤᠭ ᠲᠤ ᠠᠯᠭᠤᠷᠬᠠᠨ | ᠳᠡᠯᠭᠡᠭᠳᠡᠵᠦ ᠪᠤᠢ᠃ | ᠪᠠᠶᠠᠨᠨᠠᠭᠤᠷ ᠭᠠᠴᠠᠭᠠᠨ ᠤ ᠮᠠᠯᠴᠢᠨ ᠭᠠᠩᠪᠣᠯᠣᠳ ᠤᠨ ᠬᠢᠨ ᠤ 8000 ᠮᠦ ᠨᠤᠲᠤᠭ ᠲᠤ 1000 ᠭᠠᠷᠤᠢ | ᠮᠦ ᠪᠠᠶᠢᠭᠠᠯᠢᠯᠢᠭ ᠤᠯᠠᠭᠠᠨ ᠪᠤᠷᠭᠠᠰᠤ ᠤᠷᠭᠤᠵᠠᠢ᠃ ᠤᠯᠠᠭᠠᠨ ᠪᠤᠷᠭᠠᠰᠤ ᠨᠢ ᠭᠡᠷᠡᠯ ᠳᠤ ᠳᠤᠷᠠᠲᠠᠢ᠂ ᠭᠠᠩ ᠳᠤ | ᠳᠠᠭᠠᠭᠠᠴᠠ ᠲᠠᠢ᠂ ᠬᠦᠢᠲᠡᠨ ᠳᠤ ᠲᠡᠰᠪᠦᠷᠢᠲᠡᠢ᠂ ᠤᠰᠤ ᠴᠢᠭᠢᠭ ᠲᠤ ᠰᠠᠶᠢᠨ᠂ ᠵᠠᠰᠠᠵᠤ ᠬᠠᠳᠤᠬᠤ ᠳᠤ ᠠᠯᠵᠢᠬᠤ ᠦᠭᠡᠢ᠂ | ᠮᠠᠩᠬᠠᠨ ᠨᠤᠲᠤᠭ ᠲᠤ ᠥᠷᠭᠡᠨ ᠢᠶᠠᠷ ᠲᠠᠷᠬᠠᠵᠤ ᠪᠠᠶᠢᠭ᠎ᠠ ᠤᠷᠭᠤᠮᠠᠯ ᠤᠨ ᠨᠢᠭᠡ ᠪᠠᠶᠢᠵᠤ᠂ ᠰᠠᠯᠬᠢ ᠶᠢ ᠬᠠᠯᠬᠠᠯᠠᠨ | ᠡᠯᠡᠰᠦ ᠶᠢ ᠲᠣᠭᠲᠠᠪᠤᠷᠢᠵᠢᠭᠤᠯᠬᠤ ᠰᠢᠯᠢᠳᠡᠭ ᠰᠠᠶᠢᠨ ᠤᠷᠭᠤᠮᠠᠯ ᠪᠣᠯᠬᠤ ᠪᠠᠷ ᠪᠠᠷᠠᠬᠤ ᠦᠭᠡᠢ᠂ ᠪᠠᠰᠠ ᠬᠥᠷᠥᠰᠥ | ᠰᠢᠷᠣᠢ ᠶᠢ ᠬᠠᠮᠠᠭᠠᠯᠠᠵᠤ ᠣᠶᠢᠵᠢᠭᠤᠯᠬᠤ ᠮᠣᠳᠣᠨ ᠤ ᠲᠦᠷᠦᠯ ᠪᠣᠯᠣᠨ᠎ᠠ᠃ | ᠤᠯᠠᠭᠠᠨ ᠪᠤᠷᠭᠠᠰᠤ ᠶᠢᠨ ᠤᠷᠭᠤᠯᠲᠠ ᠶᠢ ᠪᠠᠲᠤᠯᠠᠬᠤ ᠳᠤ ᠨᠠᠷᠢᠨ ᠨᠢᠮᠪᠠᠢ ᠠᠷᠠᠴᠢᠯᠠᠭ᠎ᠠ ᠬᠠᠮᠠᠭᠠᠯᠠᠯᠲᠠ ᠠᠴᠠ | ᠰᠠᠯᠵᠤ ᠴᠢᠳᠠᠬᠤ ᠦᠭᠡᠢ ᠨᠢ ᠳᠠᠮᠵᠢᠭ ᠦᠭᠡᠢ᠃ ᠬᠡᠭᠡᠷ᠎ᠡ ᠶᠢᠨ ᠤᠷᠭᠤᠮᠠᠯ ᠪᠠᠶᠢᠭᠰᠠᠨ ᠴᠦ ᠵᠢᠯ ᠲᠤᠷᠰᠢ ᠬᠠᠮᠠᠭᠠᠯᠠᠵᠤ | ᠵᠠᠰᠠᠬᠤ ᠴᠢᠬᠤᠯᠠ ᠲᠠᠢ ᠬᠡᠮᠡᠨ ᠭᠠᠩᠪᠣᠯᠣᠳ ᠦᠵᠡᠳᠡᠭ ᠶᠤᠮ ᠪᠣᠯᠬᠤᠷ 1999 ᠣᠨ ᠠᠴᠠ ᠣᠳᠣ ᠪᠣᠯᠲᠠᠯ᠎ᠠ᠂ ᠲᠡᠷᠡ | ᠨᠤᠲᠤᠭ ᠳᠡᠭᠡᠷᠡᠬᠢ ᠬᠡᠭᠡᠷ᠎ᠡ ᠶᠢᠨ ᠤᠯᠠᠭᠠᠨ ᠪᠤᠷᠭᠠᠰᠤᠨ ᠤ ᠤᠭ ᠤᠨ ᠪᠣᠭ ᠢ ᠠᠷᠢᠯᠭᠠᠬᠤ᠂ ᠤᠰᠤᠯᠠᠬᠤ᠂ | ᠬᠤᠪᠠᠭ᠋ᠠᠶᠢᠷᠠᠭᠰᠠᠨ ᠰᠠᠯᠠᠭ᠎ᠠ ᠶᠢ ᠨᠢ ᠵᠠᠰᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠵᠡᠷᠭᠡ ᠪᠠᠷ ᠠᠷᠠᠴᠢᠯᠠᠨ ᠬᠠᠮᠠᠭᠠᠯᠠᠵᠤ᠂ ᠤᠷᠭᠤᠯᠲᠠ ᠶᠢ ᠨᠢ ᠬᠠᠮᠠᠭᠠᠯᠠᠭᠰᠠᠭᠠᠷ ᠢᠷᠡᠵᠡᠢ᠃ | ︽ᠶᠠᠷᠢᠶᠠᠨ ᠦᠭᠡᠢ ᠤᠯᠠᠭᠠᠨ ᠪᠤᠷᠭᠠᠰᠤᠨ ᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ | ᠲᠣᠭᠲᠠᠪᠤᠷᠢᠵᠢᠭᠤᠯᠬᠤ ᠦᠢᠯᠡᠳᠦᠯ ᠮᠠᠰᠢ ᠰᠠᠶᠢᠨ ᠪᠠᠶᠢᠵᠤ᠂ ᠰᠠᠯᠬᠢ ᠰᠢᠭᠤᠷᠭ᠎ᠠ ᠶᠢ ᠬᠠᠯᠬᠠᠯᠠᠵᠤ᠂ ᠮᠠᠩᠬᠠᠨ ᠤ ᠦᠬᠡᠷ | ᠪᠡᠯᠴᠢᠭᠡᠷ ᠤᠨ ᠪᠤᠷᠭᠠᠰᠤᠨ ᠳᠤ ᠪᠠᠨ ᠬᠤᠨᠣᠬᠤ ᠳᠤ ᠭᠤᠶᠤ ᠨᠥᠮᠥᠷᠢ ᠲᠠᠢ ᠪᠠᠶᠢᠳᠠᠭ᠃ ᠡᠭᠦᠨ ᠠᠴᠠ ᠭᠠᠳᠠᠨ᠎ᠠ | ᠤᠯᠠᠭᠠᠨ ᠪᠤᠷᠭᠠᠰᠤᠨ ᠤ ᠬᠤᠪᠠᠭ᠋ᠠᠶᠢᠷᠠᠭᠰᠠᠨ ᠰᠠᠯᠠᠭ᠎ᠠ ᠨᠠᠮᠠᠭ᠎ᠠ᠂ ᠦᠨᠳᠦᠰᠦ ᠨᠢ ᠬᠠᠲᠠᠭᠤ ᠪᠥᠭᠡᠳ ᠨᠢᠭᠲᠠ ᠲᠤᠯᠠ | ᠲᠦᠯᠡᠭᠡ ᠪᠣᠯᠭᠠᠨ ᠬᠡᠷᠡᠭᠯᠡᠵᠦ ᠪᠣᠯᠣᠨ᠎ᠠ᠃ ᠪᠠᠰᠠ ᠰᠠᠯᠠᠭ᠎ᠠ ᠨᠠᠮᠠᠭ᠎ᠠ ᠨᠢ ᠤᠶᠠᠨ ᠵᠥᠭᠡᠯᠡᠨ᠂ ᠤᠷᠲᠤ ᠪᠣᠯᠬᠤᠷ ᠬᠤᠷᠤᠭ᠎ᠠ | ᠬᠠᠰᠢᠶ᠎ᠠ᠂ ᠬᠤᠷᠤᠭ᠎ᠠ ᠬᠠᠰᠢᠶᠠᠨ ᠤ ᠡᠭᠦᠳᠡ᠂ ᠪᠠᠭᠠᠵᠢ ᠬᠡᠷᠡᠭᠰᠡᠯ᠂ ᠡᠳᠦᠷ ᠲᠤᠳᠤᠮ ᠤᠨ ᠬᠡᠷᠡᠭᠯᠡᠭᠡᠨ ᠤ ᠵᠦᠢᠯᠡᠰ ᠢ | ᠬᠦᠷᠦᠵᠦ ᠪᠣᠯᠣᠨ᠎ᠠ᠃ ᠤᠯᠠᠭᠠᠨ ᠪᠤᠷᠭᠠᠰᠤᠨ ᠤ ᠦᠢᠯᠡᠳᠪᠦᠷᠢᠯᠡᠯ ᠠᠮᠢᠳᠤᠷᠠᠯ ᠳᠤᠮᠳᠠᠬᠢ ᠬᠡᠷᠡᠭᠴᠡᠭᠡ ᠦᠢᠯᠡᠳᠦᠯ ᠮᠠᠰᠢ | ᠥᠷᠭᠡᠨ ᠪᠠᠶᠢᠳᠠᠭ ᠰᠢᠦ︾ ᠬᠡᠮᠡᠨ ᠭᠠᠩᠪᠣᠯᠣᠳ ᠲᠠᠨᠢᠯᠴᠠᠭᠤᠯᠤᠨ᠎ᠠ᠃ | 20 ᠭᠠᠷᠤᠢ ᠵᠢᠯ ᠤᠨ ᠲᠤᠷᠰᠢ ᠤᠯᠠᠭᠠᠨ ᠪᠤᠷᠭᠠᠰᠤ ᠪᠠᠨ ᠬᠠᠮᠠᠭᠠᠯᠠᠵᠤ ᠢᠷᠡᠭᠰᠡᠨ ᠲᠤᠬᠠᠢ ᠪᠠᠨ | ᠶᠠᠷᠢᠬᠤ ᠳᠤ ᠪᠠᠨ ᠭᠠᠩᠪᠣᠯᠣᠳ᠄ ︽ᠠᠩᠬ᠎ᠠ ᠡᠬᠢᠯᠡᠭᠡᠳ ᠪᠡᠯᠴᠢᠭᠡᠷ ᠲᠤ ᠪᠠᠶᠢᠭᠠᠯᠢᠯᠢᠭ ᠢᠶᠠᠷ ᠤᠷᠭᠤᠭᠰᠠᠨ ᠤᠯᠠᠭᠠᠨ | ᠪᠤᠷᠭᠠᠰᠤ ᠪᠠᠨ ᠤᠷᠭᠤᠯᠲᠠ ᠰᠠᠶᠢᠲᠠᠢ ᠪᠠᠶᠢᠯᠭᠠᠵᠤ᠂ ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠢ ᠨᠢ | ᠪᠠᠳᠠᠷᠠᠭᠤᠯᠤᠶ᠎ᠠ ᠬᠡᠮᠡᠨ ᠳᠥᠭᠦᠮᠬᠡᠨ ᠵᠣᠷᠢᠯᠲᠠ ᠲᠠᠢ ᠬᠠᠮᠠᠭᠠᠯᠠᠵᠤ ᠪᠠᠶᠢᠭᠰᠠᠨ᠃ ᠬᠡᠷᠪᠡ ᠠᠷᠠᠴᠢᠠᠯᠵᠤ ᠬᠠᠮᠠᠭᠠᠯᠠᠬᠤ | ᠦᠭᠡᠢ ᠪᠣᠯ ᠲᠤᠭ᠎ᠠ ᠬᠡᠮᠵᠢᠶ᠎ᠡ ᠪᠣᠯᠣᠨ ᠲᠠᠯᠠᠪᠠᠢ ᠨᠢ ᠵᠢᠯ ᠠᠴᠠ ᠵᠢᠯ ᠪᠠᠭᠠᠰᠬᠤ ᠯᠡ ᠪᠣᠯᠣᠨ᠎ᠠ᠃ ᠤᠳᠠᠭᠠᠨ ᠵᠢᠯ | ᠪᠠᠷᠢᠮᠲᠠᠯᠠᠨ᠎ᠠ ᠭᠡᠵᠦ ᠦᠨᠡᠨ ᠳᠤ ᠪᠠᠨ ᠬᠡᠴᠡᠭᠦᠬᠡᠨ ᠠᠵᠢᠯ ᠶᠤᠮ ᠠ᠋᠃ ᠭᠡᠪᠡᠴᠦ ᠶᠠᠭᠠᠬᠢᠬᠤᠪ ᠡᠳᠡᠭᠡᠷ ᠵᠢᠯ ᠤᠳ ᠲᠤ | ᠢᠯᠡᠳᠲᠡ ᠦᠷ᠎ᠡ ᠪᠦᠳᠦᠮᠵᠢ ᠣᠯᠣᠭᠰᠠᠨ ᠤ ᠳᠡᠭᠡᠷ᠎ᠡ ᠣᠶᠢᠷ᠎ᠠ ᠶᠢᠨ ᠬᠡᠳᠦᠨ ᠵᠢᠯ ᠤᠨ ᠲᠦᠷᠦ ᠶᠢᠨ ᠪᠣᠳᠣᠯᠭ᠎ᠠ ᠶᠢᠨ | ᠤᠬᠠᠭᠤᠯᠭ᠎ᠠ ᠪᠠᠷ ᠡᠷᠬᠢᠨ ᠲᠣᠭᠤᠷᠢᠨ ᠤ ᠠᠶᠢᠯ ᠰᠠᠬᠠᠭᠠᠯᠲᠠ ᠶᠢᠨ ᠮᠠᠯᠴᠢᠳ ᠴᠦ ᠥᠪᠡᠷ ᠥᠪᠡᠷ ᠤᠨ ᠨᠤᠲᠤᠭ | ᠪᠡᠯᠴᠢᠭᠡᠷ ᠲᠤ ᠪᠠᠨ ᠡᠯ᠎ᠡ ᠵᠦᠢᠯ ᠤᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠤᠷᠭᠤᠮᠠᠯ ᠢ ᠲᠠᠷᠢᠵᠤ᠂ | ᠮᠠᠩᠬᠠᠨ ᠨᠤᠲᠤᠭ ᠮᠠᠨᠢ ᠨᠣᠭᠤᠭᠠᠷᠠᠵᠤ ᠢᠷᠡᠯ᠎ᠡ᠃ ᠠᠮᠢ ᠠᠬᠤᠢ ᠶᠢᠨ ᠣᠷᠴᠢᠨ ᠲᠣᠭᠤᠷᠢᠨ ᠰᠠᠶᠢᠵᠢᠷᠠᠭᠠᠳ ᠢᠷᠡᠬᠦ ᠳᠤ | ᠵᠢᠭᠤᠯᠴᠢᠯᠠᠯ ᠳᠠᠭᠠᠯᠳᠤᠨ ᠬᠥᠭᠵᠢᠵᠦ᠂ ᠠᠵᠤ ᠠᠬᠤᠢ ᠶᠢᠨ ᠤᠷᠤᠯᠭ᠎ᠠ ᠡᠭᠦᠳᠬᠦ ᠪᠣᠯᠣᠮᠵᠢ ᠶᠡᠭᠡ ᠪᠣᠯᠤᠭᠰᠠᠨ︾ ᠭᠡᠵᠦ | ᠤᠴᠢᠷᠯᠠᠨ᠎ᠠ᠃ | ᠬᠤᠯᠠᠨ ᠰᠢᠷᠭ᠎ᠠ ᠳᠠᠭ᠎ᠠ ᠶᠢᠨ ᠡᠯᠡᠦᠰᠷᠭᠡᠭ ᠭᠠᠵᠠᠷ ᠤᠨ ᠠᠪᠠᠭ᠎ᠠ ᠬᠤᠰᠢᠭᠤᠨ ᠳᠠᠬᠢ ᠲᠠᠯᠠᠪᠠᠢ 596.82 | ᠲᠦᠮᠡᠨ ᠮᠦ ᠪᠠᠶᠢᠵᠤ᠂ ᠪᠦᠬᠦ ᠬᠤᠰᠢᠭᠤᠨ ᠤ ᠨᠤᠲᠤᠭ ᠳᠡᠪᠢᠰᠬᠡᠷ ᠤᠨ ᠶᠡᠷᠦᠩᠬᠡᠢ ᠲᠠᠯᠠᠪᠠᠢ ᠶᠢᠨ 14.47% ᠶᠢ | ᠡᠵᠡᠯᠡᠳᠡᠭ᠃ 20 ᠭᠠᠷᠤᠢ ᠵᠢᠯ ᠤᠨ ᠲᠤᠷᠰᠢ᠂ ᠪᠠᠶᠠᠨᠨᠠᠭᠤᠷ ᠭᠠᠴᠠᠭ᠎ᠠ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ | ᠵᠠᠰᠠᠬᠤ ᠶᠢ ᠭᠤᠣᠯᠳᠠᠯᠭ᠎ᠠ ᠲᠠᠢ ᠡᠭᠦᠷᠭᠡ ᠪᠣᠯᠭᠠᠵᠤ᠂ 2.4 ᠲᠦᠮᠡᠨ ᠮᠦ ᠮᠠᠩᠬᠠᠨ ᠨᠤᠲᠤᠭ ᠢᠶᠠᠨ ᠵᠠᠰᠠᠵᠤ ᠰᠡᠷᠭᠦᠭᠡᠬᠦ | ᠲᠦᠷᠦᠯ ᠵᠦᠢᠯ ᠤᠨ ᠲᠣᠭᠤᠷᠢᠭ ᠲᠤ ᠣᠷᠣᠭᠤᠯᠵᠤ᠂ ︽ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ︾ | ᠲᠦᠷᠦᠯ ᠵᠦᠢᠯ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ ᠮᠠᠯ ᠪᠡᠯᠴᠢᠭᠡᠷ ᠤᠨ ᠲᠡᠩᠴᠡᠭᠦᠷᠢ ᠶᠢ | ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠢ ᠵᠠᠯᠭᠠᠪᠠᠷ ᠬᠡᠷᠡᠭᠵᠢᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠭᠠᠴᠠᠭᠠᠨ ᠤ ︽ᠬᠤᠶᠠᠷ ᠵᠥᠪᠯᠡᠯ︾ ᠤᠨ | ᠢᠳᠡᠪᠬᠢᠲᠡᠢ ᠳᠠᠶᠢᠴᠢᠯᠠᠯᠲᠠ ᠳᠣᠣᠷ᠎ᠠ᠂ ᠲᠤᠬᠠᠢ ᠶᠢᠨ ᠭᠠᠵᠠᠷ ᠤᠨ ᠮᠠᠯᠴᠢᠳ ︽ᠡᠯᠡᠰᠦ ᠶᠢ ᠵᠠᠰᠠᠬᠤ︾ ᠡᠩᠨᠡᠭᠡᠨ ᠳᠤ | ᠬᠤᠰᠢᠭᠤᠷᠠᠨ᠂ ᠪᠠᠶᠠᠨᠨᠠᠭᠤᠷ ᠭᠠᠴᠠᠭᠠᠨ ᠤ ᠡᠯᠡᠰᠦᠷᠬᠡᠭᠵᠢᠭᠰᠡᠨ ᠨᠤᠲᠤᠭ ᠢ ᠵᠠᠰᠠᠵᠤ ᠰᠡᠷᠭᠦᠭᠡᠬᠦ ᠲᠦᠷᠦᠯ ᠵᠦᠢᠯ ᠤᠨ | ᠲᠣᠭᠤᠷᠢᠭ ᠲᠠᠬᠢ ᠡᠯᠡᠰᠦᠷᠬᠡᠭ ᠭᠠᠵᠠᠷ ᠨᠢ ᠪᠠᠶᠠᠨ ᠪᠦᠷᠢᠳᠦ ᠪᠣᠯᠤᠭᠰᠠᠨ ᠭᠤᠶᠢᠳᠠ ᠬᠤᠪᠢᠷᠠᠯᠲᠠ ᠲᠠᠢ ᠪᠣᠯᠵᠤ᠂ | ᠪᠦᠬᠦ᠋ᠢᠯᠡ ᠠᠮᠢ ᠠᠬᠤᠢ ᠶᠢᠨ ᠣᠷᠴᠢᠨ ᠲᠣᠭᠤᠷᠢᠨ ᠴᠦ ᠢᠯᠡᠳᠲᠡ ᠰᠠᠶᠢᠵᠢᠷᠠᠯᠲᠠ ᠲᠠᠢ ᠪᠣᠯᠤᠭᠰᠠᠨ ᠪᠠᠶᠢᠨ᠎ᠠ᠃ | ᠨᠣᠭᠤᠭᠠᠨ ᠥᠩᠭᠡ ᠶᠢᠨ ᠠᠮᠢᠵᠢᠷᠠᠯ ᠪᠢᠯᠬᠠᠭᠰᠠᠨ ᠥᠩᠭᠡ᠂ ᠪᠠᠰᠠ ᠴᠦ ᠴᠢᠨᠠᠷ ᠰᠠᠶᠢᠲᠠᠢ ᠬᠥᠭᠵᠢᠯᠲᠡ ᠶᠢᠨ | ᠰᠠᠭᠤᠷᠢ ᠥᠩᠭᠡ ᠮᠥᠨ᠃ ᠨᠤᠲᠤᠭ ᠤᠰᠤ ᠨᠢ ᠨᠣᠮᠢᠨ ᠨᠣᠭᠤᠭᠠᠨ ᠢᠶᠠᠷ ᠦᠶᠡᠯᠵᠡᠵᠦ᠂ ᠠᠮᠢ ᠠᠬᠤᠢ ᠨᠢ ᠰᠡᠷᠭᠦᠯᠲᠡ | ᠰᠠᠶᠢᠲᠠᠢ᠂ ᠠᠭᠤᠷ ᠠᠮᠢᠰᠬᠤᠯ ᠨᠠ ᠴᠡᠪᠡᠷ ᠲᠤᠩᠭᠠᠯᠠᠭ ᠪᠣᠯᠬᠤ ᠳᠤ ᠡᠨᠡ ᠨᠤᠲᠤᠭ ᠤᠨ ᠬᠥᠮᠥᠨ ᠠᠷᠠᠳ ᠨᠢ ᠮᠠᠩᠨᠠᠢ | ᠲᠡᠨᠢᠭᠡᠷ ᠪᠠᠶᠢᠬᠤ ᠨᠢ ᠳᠠᠮᠵᠢᠭ ᠦᠭᠡᠢ᠃ ᠮᠥᠨᠴᠦ ᠭᠠᠩᠪᠣᠯᠣᠳ ᠮᠡᠲᠦ ᠶᠢᠨ ᠣᠯᠠᠨ ᠣᠯᠠᠨ ᠠᠮᠢ ᠠᠬᠤᠢ ᠪᠠᠨ | ᠰᠡᠷᠭᠦᠭᠡᠬᠦ ᠪᠠᠷ ᠬᠦᠴᠦ ᠬᠦᠳᠡᠯᠮᠦᠷᠢ ᠪᠠᠨ ᠰᠢᠪᠬᠠᠵᠤ ᠶᠠᠪᠤᠭ᠎ᠠ ᠮᠠᠯᠴᠢᠨ ᠲᠦᠮᠡᠨ ᠤ ᠤᠷᠲᠤ ᠤᠳᠠᠭᠠᠨ ᠤ ᠪᠠᠷᠢᠮᠲᠠᠯᠠᠯ | ᠪᠠᠶᠢᠭᠰᠠᠨ ᠴᠠᠭ ᠲᠤ ᠠᠮᠢᠯᠠᠯ ᠤᠨ ᠨᠣᠭᠤᠭᠠᠨ ᠥᠩᠭᠡ ᠡᠨᠡ ᠨᠤᠲᠤᠭ ᠲᠤ ᠮᠥᠩᠬᠡ ᠵᠢᠷᠤᠭᠯᠠᠭᠳᠠᠬᠤ ᠯᠠᠪᠲᠠᠢ᠃ | | |