ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠴᠢᠬᠤᠯᠠ ᠪᠦᠷᠢᠯᠳᠦᠭᠦᠨ ᠬᠡᠰᠡᠭ ᠮᠥᠨ᠃ ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠳᠦᠷᠢᠮ ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ | ᠬᠦᠴᠦᠲᠡᠢ ᠲᠥᠷᠥ ᠶᠢᠨ ᠪᠣᠳᠣᠯᠭ᠎ᠠ ᠪᠠᠷ ᠳᠡᠮᠵᠢᠵᠦ᠂ ᠳᠠᠭᠠᠳᠬᠠᠯ ᠤᠨ ᠦᠢᠯᠡᠰ ᠤᠨ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ | | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ | ᠭᠤᠣᠯ ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠢ | ᠥᠷᠨᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ᠂ ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠨᠡᠶᠢᠭᠡᠮ ᠤᠨ | ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠪᠦᠬᠦᠯᠢ ᠴᠣᠭᠴᠠ ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠢ᠃ ᠭᠡᠪᠡᠴᠦ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠦᠭᠡᠢ᠂ ᠶᠠᠰᠤ ᠴᠢᠨᠠᠷ ᠰᠠᠶᠢᠨ ᠪᠢᠰᠢ᠂ | ᠰᠢᠨ᠎ᠡ ᠶᠢ ᠡᠭᠦᠳᠬᠦ ᠪᠠᠷ ᠭᠦᠢᠴᠡᠳ ᠪᠤᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ | ᠳᠤ ᠬᠡᠳᠦᠨ ᠦᠨᠳᠦᠰᠦᠨ ᠵᠠᠷᠴᠢᠮ ᠢ ᠲᠣᠳᠣᠷᠬᠠᠶᠢᠯᠠᠪᠠ᠄ | | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠣᠮᠵᠢᠲᠤ ᠴᠢᠨᠠᠷ ᠢ | ᠳᠡᠭᠡᠭᠰᠢᠯᠡᠭᠦᠯᠦᠨ᠎ᠡ᠃ ᠳᠠᠭᠠᠳᠬᠠᠯ ᠤᠨ ᠦᠢᠯᠡᠳᠬᠦᠨ ᠢ ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ | ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠳᠠᠭᠠᠳᠬᠠᠯ ᠢ | ︽ᠣᠯᠵᠤ ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃ | ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ | ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ | ᠬᠥᠮᠥᠰ ᠲᠤ ᠬᠢ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ ᠡᠬᠢ | ᠪᠠᠶᠠᠯᠢᠭ ᠤᠨ ᠬᠡᠯᠪᠠᠶᠢᠯᠲᠡ ᠶᠢ ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ | ᠴᠢᠩᠭᠠᠷᠠᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ | ᠳᠠᠭᠠᠳᠬᠠᠯ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ᠃ | | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ | ᠪᠠᠲᠤᠯᠠᠭ᠎ᠠ ᠶᠢᠨ ᠰᠢᠨᠵᠢ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ | ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ ᠰᠣᠶᠣᠯ ᠢ ᠪᠣᠶᠢᠵᠢᠭᠤᠯᠬᠤ ᠬᠡᠷᠡᠭᠲᠡᠢ᠃ | ᠲᠥᠯᠥᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ | ᠲᠣᠭᠲᠠᠭᠠᠯ ᠳᠤ ᠨᠡᠶᠢᠴᠡᠭᠰᠡᠨ ︽ᠲᠥᠯᠥᠪᠦᠷᠢ ᠳᠤ ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ | ᠦᠷᠭᠦᠯᠵᠢᠯᠡᠬᠦᠶᠢᠴᠡ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠡᠵᠡᠩᠨᠡᠯᠲᠡ ᠶᠢᠨ ᠵᠢᠮ᠎ᠡ ᠶᠣᠰᠣ ᠶᠢ ᠡᠵᠡᠮᠳᠡᠵᠦ᠂ | ᠦᠢᠯᠡᠳᠬᠦᠨ ᠤ ᠦᠨ᠎ᠡ ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ ᠤᠷᠲᠤ | ᠬᠤᠭᠤᠴᠠᠭᠠᠨ ᠤ ᠦᠶᠡᠯᠡᠯ ᠤᠨ ᠦᠨᠡᠯᠡᠨ ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠣᠷᠳᠣ ᠬᠤᠭᠤᠴᠠᠭᠠᠨ ᠤ ᠡᠷᠡᠭᠦᠯ ᠬᠥᠭᠵᠢᠯᠲᠡ ᠶᠢ ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ | ᠰᠤᠷᠭᠠᠭᠤᠯᠢ ᠶᠢᠨ ᠫᠷᠤᠹᠧᠰᠰᠤᠷ ᠲᠤᠤ ᠼᠦᠨ ᠸᠧᠨ ᠲᠣᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ | ︽ᠰᠠᠨᠠᠯ︾ ᠤᠨ ᠨᠡᠶᠢᠲᠡᠯᠡᠭᠳᠡᠭᠰᠡᠨ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠳᠠᠬᠢ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ ᠬᠠᠷᠠᠯᠲᠠ᠂ | ᠠᠷᠭ᠎ᠠ ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ | ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ ᠰᠢᠩᠭᠡᠬᠡᠨ ᠠᠪᠴᠤ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠴᠢᠨᠠᠷ ᠰᠠᠶᠢᠲᠠᠢ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ ᠭᠡᠵᠡᠢ᠃ | | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ | | ᠪᠣᠳᠠᠲᠠᠢ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ | ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ ᠪᠣᠯ ︽ᠰᠠᠨᠠᠯ︾ ᠤᠨ ᠴᠢᠬᠤᠯᠠ ᠦᠵᠡᠴᠡ ᠪᠣᠯᠣᠨ᠎ᠠ᠃ | | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ | ᠲᠠᠯ᠎ᠠ ᠪᠠᠷ᠂ ︽ᠰᠠᠨᠠᠯ︾ ᠳᠤ ︽ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠲᠥᠯᠥᠬᠦ ᠴᠢᠳᠠᠪᠤᠷᠢ ᠳᠤ | ᠲᠣᠬᠢᠷᠠᠬᠤ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠪᠠ ᠡᠷᠡᠭᠦᠯ ᠮᠡᠨᠳᠦ ᠶᠢᠨ ᠳᠠᠭᠠᠳᠬᠠᠯ ᠤᠨ | ᠦᠢᠯᠡᠳᠬᠦᠨ ᠢ ᠶᠡᠭᠡ ᠪᠠᠷ ᠬᠥᠭᠵᠢᠭᠦᠯᠬᠦ︾ ︽ᠡᠮᠡᠭᠲᠡᠶᠢᠴᠦᠳ ᠤᠨ ︿ᠬᠤᠶᠠᠷ ᠥᠮᠡᠨ﹀᠂ ᠬᠡᠦᠬᠡᠳ ᠤᠨ ᠲᠥᠷᠥᠯᠬᠢ | ᠴᠢᠨᠠᠷᠲᠠᠢ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠶᠢᠨ ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ | ᠵᠡᠷᠭᠡ ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ ᠦᠭᠡᠢ᠂ ᠪᠠᠰᠠ ᠪᠠᠷᠢᠯᠭ᠎ᠠ ᠶᠢᠨ ᠠᠵᠢᠯᠴᠢᠨ᠂ ᠲᠦᠷᠭᠡᠨ | ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ | ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ ᠵᠡᠷᠭᠡ ᠬᠤᠲᠠ ᠶᠢᠨ ᠰᠢᠨ᠎ᠡ ᠠᠷᠠᠳ ᠤᠨ ᠬᠠᠮᠲᠤᠯᠢᠭ ᠪᠠ | ᠠᠮᠢᠳᠤᠯᠢᠭ ᠢᠶᠠᠷ ᠠᠵᠢᠯ ᠣᠯᠣᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠴᠠᠩᠭᠤᠢ ᠰᠢᠨ᠎ᠡ ᠠᠵᠢᠯ | ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ | ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠳᠤᠷᠠᠳᠤᠨ ᠭᠠᠷᠭᠠᠪᠠ᠃ | | ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ | ᠲᠠᠯ᠎ᠠ ᠪᠠᠷ᠂ ︽ᠰᠠᠨᠠᠯ︾ ᠳᠤ ︽ᠣᠷᠣᠯᠭ᠎ᠠ ᠶᠢᠨ ᠳᠠᠭᠠᠳᠬᠠᠯ ᠪᠠ ᠠᠭᠤᠷ ᠠᠮᠢᠰᠬᠤᠯ ᠤᠨ ᠵᠢᠭᠠᠯᠲᠠ ᠲᠣᠭᠠᠨ ᠤ | ᠳᠠᠭᠠᠳᠬᠠᠯ ᠳᠤ ᠰᠢᠨ᠎ᠡ ᠶᠢ ᠡᠭᠦᠳᠦᠨ ᠬᠥᠭᠵᠢᠭᠦᠯᠬᠦ︾ ︽ᠳᠠᠭᠠᠳᠬᠠᠯ ᠳᠤ ᠣᠷᠣᠯᠴᠠᠬᠤ ᠳᠤ ᠳᠥᠭᠦᠮ᠂ ᠰᠦᠢᠳᠬᠡᠯ | ᠲᠤᠰᠢᠶᠠᠬᠤ ᠳᠤ ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ | ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠣᠨ ᠤ ᠮᠥᠩᠭᠦ ᠶᠢᠨ ᠦᠢᠯᠡᠳᠬᠦᠨ︾ ︽ᠡᠮᠴᠢᠯᠡᠭᠡᠨ ᠤ | ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ ᠸᠠᠺᠼᠢᠨ ᠤ ᠲᠠᠷᠢᠯᠭ᠎ᠠ ᠬᠢᠬᠦ ᠵᠡᠷᠭᠡ ᠬᠤᠯᠪᠣᠭᠳᠠᠯ ᠪᠦᠬᠦᠢ ᠳᠠᠭᠠᠳᠬᠠᠯ ᠢ | ᠢᠳᠡᠪᠬᠢᠲᠡᠢ ᠬᠥᠭᠵᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ ︽ᠰᠠᠨᠠᠯ︾ ᠳᠤ ᠬᠥᠳᠡᠭᠡ | ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ ᠲᠦᠮᠡᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ | ᠬᠤᠲᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ ᠵᠡᠷᠭᠡ ᠶᠢᠨ ᠪᠣᠳᠠᠲᠤ ᠪᠠᠶᠢᠳᠠᠯ ᠪᠠ ᠳᠠᠭᠠᠳᠬᠠᠯ ᠤᠨ | ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ᠂ ᠡᠷᠡᠭᠦᠯ | ᠮᠡᠨᠳᠦ ᠶᠢᠨ ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ ᠳᠠᠭᠠᠳᠬᠠᠯ᠂ ᠭᠡᠷ ᠪᠦᠯᠢ ᠶᠢᠨ ᠡᠳ᠋ | ᠬᠥᠷᠥᠩᠭᠡ ᠶᠢᠨ ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠢ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ | ᠲᠣᠭᠲᠠᠪᠤᠷᠢᠵᠢᠭᠤᠯᠬᠤ﹀ ᠴᠢᠳᠠᠮᠵᠢ ᠲᠠᠢ ᠪᠠᠶᠢᠵᠤ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠬᠤᠯᠠ | ᠬᠦᠴᠦᠨ ᠪᠣᠯᠣᠨ᠎ᠠ᠃ ᠣᠳᠣᠬᠠᠨ ᠳᠤ ᠳᠤᠮᠲᠠᠲᠦ ᠤᠯᠤᠰ ᠤᠨ ᠳᠠᠭᠠᠳᠬᠠᠯ ᠤᠨ ᠦᠢᠯᠡᠰ ᠲᠦᠷᠭᠡᠨ ᠲᠠᠪᠰᠢᠭᠰᠠᠨ | ᠪᠤᠯᠪᠠᠴᠦ ᠳᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ ᠪᠠᠶᠢᠨ᠎ᠠ᠃ ᠡᠨᠡ | ᠬᠦ ᠠᠬᠤᠢ ᠪᠠᠶᠢᠳᠠᠯ ᠳᠤ᠂ ︽ᠰᠠᠨᠠᠯ︾ ᠳᠠᠬᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ | ᠬᠠᠷᠠᠯᠲᠠ ᠶᠢ ᠳᠠᠷᠤᠶᠢᠬᠠᠨ ᠲᠣᠳᠣᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠳᠦᠷᠢᠮ ᠢ | ᠲᠡᠭᠦᠯᠳᠡᠷᠵᠢᠭᠦᠯᠬᠦ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠠᠪᠬᠤ ᠨᠢ ᠲᠤᠶᠢᠯ ᠤᠨ ᠴᠢᠬᠤᠯᠠᠲᠠᠢ ᠶᠤᠮ᠃︾ ᠮᠥᠩᠭᠦᠨ | ᠭᠦᠢᠯᠭᠡᠭᠡᠨ ᠤ ᠲᠡᠷᠢᠭᠦᠨ ᠰᠤᠳᠤᠯᠤᠭᠴᠢ ᠳ᠋ᠦᠩ ᠰᠢ ᠮᠢᠶᠣᠣ ᠲᠤᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ | ᠪᠣᠳᠠᠲᠠᠢ ᠠᠷᠭ᠎ᠠ ᠬᠡᠮᠵᠢᠶ᠎ᠡ ᠠᠴᠠ ᠦᠵᠡᠪᠡᠯ᠂ ︽ᠰᠠᠨᠠᠯ︾ ᠨᠢ ᠳᠠᠭᠠᠳᠬᠠᠯ ᠤᠨ ᠦᠢᠯᠡᠳᠬᠦᠨ ᠤ | ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ | ᠦᠢᠯᠡᠴᠢᠯᠡᠬᠦ ᠳᠤ ᠠᠰᠢᠭᠲᠠᠢ ᠭᠡᠵᠡᠢ᠃ | | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ | | ᠢᠷᠡᠭᠡᠳᠦᠢ ᠶᠢᠨ ᠲᠠᠪᠤᠨ ᠵᠢᠯ ᠳᠤ᠂ ᠴᠢᠨᠠᠷ ᠰᠠᠶᠢᠲᠠᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠶᠢᠨ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ᠃ ᠡᠨᠡ ᠪᠣᠯ ︽ᠰᠠᠨᠠᠯ︾ ᠤᠨ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠳᠤᠷᠠᠳᠤᠭᠰᠠᠨ ᠲᠣᠳᠣᠷᠬᠠᠢ ᠬᠠᠷᠠᠯᠲᠠ ᠮᠥᠨ᠃ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠬᠠᠮᠢᠶ᠎ᠠ ᠪᠦᠬᠦᠢ | ᠬᠠᠷᠢᠭᠤᠴᠠᠯᠭᠠᠲᠠᠨ ᠬᠡᠯᠡᠬᠦ ᠳᠤ ᠪᠠᠨ᠂ ᠳᠠᠭᠠᠳᠬᠠᠯ ᠤᠨ ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ ᠨᠡᠶᠢᠭᠡᠮ ᠳᠤ | ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠰ ᠪᠡᠶ᠎ᠡ ᠶᠢᠨ | ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ | ᠬᠥᠭᠵᠢᠯᠲᠡ ᠳᠤ ᠢᠳᠡᠪᠬᠢᠲᠡᠢ ᠣᠷᠣᠯᠴᠠᠬᠤ ᠪᠠ ᠠᠬᠢᠭᠤᠯᠬᠤ ᠬᠡᠷᠡᠭᠲᠡᠢ ᠭᠡᠵᠡᠢ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ | 100 ᠳ᠋ᠦᠩᠰᠢᠭᠤᠷ ᠲᠥᠭᠦᠷᠢᠭ ᠤᠨ᠂ ᠠᠩᠬᠠᠨ ᠤ ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ | ᠬᠡᠪᠴᠢᠶ᠎ᠡ ᠲᠠᠢ ᠪᠤᠭᠤᠷᠤᠯᠴᠤᠳ ᠤᠨ ᠠᠵᠤ ᠠᠬᠤᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠶᠢ ᠡᠬᠢᠯᠡᠨ ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠶᠢᠨ ᠲᠥᠯᠥᠭᠡ ᠶᠤᠮ᠃ 2023 ᠣᠨ ᠤ ᠡᠴᠦᠰ ᠪᠣᠯᠲᠠᠯ᠎ᠠ᠂ ᠳᠤᠮᠳᠠᠳᠤ ᠤᠯᠤᠰ ᠤᠨ ᠠᠮᠢ ᠨᠠᠰᠤᠨ ᠤ | ᠳᠠᠭᠠᠳᠬᠠᠯ ᠨᠡᠯᠢᠶᠡᠳ ᠴᠢᠩᠭ᠎ᠠ ᠨᠠᠰᠤᠵᠢᠯ ᠤᠨ ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ ᠲᠤᠬᠠᠶᠢᠯᠠᠭᠰᠠᠨ | ᠠᠵᠢᠯ ᠤᠨ ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ | 2023 ᠣᠨ ᠳᠤ ᠨᠠᠰᠤᠲᠠᠶᠢᠴᠤᠳ ᠵᠡᠷᠭᠡ ᠬᠥᠮᠥᠰ ᠤᠨ ᠳᠠᠭᠠᠳᠬᠠᠯ ᠢ ᠳᠠᠭᠠᠭᠠᠭᠰᠠᠨ ᠲᠤᠭ᠎ᠠ 1.6 ᠳ᠋ᠦᠩᠰᠢᠭᠤᠷ | ᠬᠥᠮᠥᠨ ᠤᠳᠠᠭ᠎ᠠ ᠳᠤ ᠬᠦᠷᠪᠡ᠃ ︽ᠪᠢᠳᠡ ᠦᠷᠭᠦᠯᠵᠢᠯᠡᠨ ᠨᠡᠩ ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ | ᠥᠪᠡᠷ ᠤᠨ ᠦᠷᠳᠡᠭ ᠲᠠᠢ᠂ ᠨᠡᠩ ᠪᠦᠲᠦᠮᠵᠢᠲᠡᠢ ᠲᠦᠭᠰᠢᠭᠦᠷᠢ ᠶᠢ ᠰᠡᠷᠭᠡᠶᠢᠯᠡᠬᠦ ᠪᠠᠷ ᠠᠵᠤ ᠠᠬᠤᠢ ᠨᠡᠶᠢᠭᠡᠮ ᠤᠨ | ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ ᠨᠡᠩ ᠤᠯᠠᠨ ᠪᠥᠭᠡᠳ ᠠᠮᠤᠷ ᠲᠦᠪᠰᠢᠨ | ᠴᠢᠨᠠᠷᠲᠠᠢ᠂ ᠠᠰᠢᠭ ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ ᠴᠢᠨᠠᠷᠲᠠᠢ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ ᠣᠷᠣᠭᠤᠯᠤᠨ᠎ᠠ︾ ᠭᠡᠵᠦ ᠳᠤᠮᠳᠠᠳᠤ | ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠪᠠᠢ ᠲᠣᠤ ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ | ᠶᠡᠷᠦᠩᠬᠡᠢ ᠡᠪᠯᠡᠯ ᠵᠡᠷᠭᠡ ᠨᠢᠭᠡᠴᠢ ᠨᠦᠭᠦᠳ ᠲᠠᠢ ᠬᠠᠮᠲᠤᠷᠠᠨ ᠠᠩᠬᠠᠳᠠᠭᠴᠢ ᠪᠦᠯᠦᠭ 642 ᠲᠣᠮᠣ ᠤᠯᠤᠰ ᠤᠨ | ᠳᠠᠷᠬᠠᠨ᠂ ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ ᠪᠦᠯᠢ ᠶᠢᠨ ᠳᠠᠭᠠᠳᠬᠠᠯ︾ ᠤᠨ | ᠬᠠᠭᠤᠳᠠᠰᠤ ᠶᠢ ᠪᠡᠯᠡᠭᠯᠡᠪᠡ᠃ ᠲᠠᠨᠢᠯᠴᠠᠭᠤᠯᠤᠭᠰᠠᠨ ᠢᠶᠠᠷ᠂ ︽ᠱᠠᠩᠬᠠᠢ ᠶᠢᠨ ᠭᠡᠷ ᠪᠦᠯᠢ ᠶᠢᠨ ᠳᠠᠭᠠᠳᠬᠠᠯ︾ ᠪᠣᠯ ᠱᠠᠩᠬᠠᠢ | ᠬᠤᠲᠠ ᠶᠢᠨ ᠠᠷᠠᠳ ᠲᠤ ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ ᠬᠤᠲᠠ ᠶᠢᠨ ᠲᠦᠭᠡᠮᠡᠯ ᠬᠠᠷᠠᠭᠠᠯᠵᠠᠯᠲᠤ | ᠬᠡᠯᠪᠡᠷᠢ ᠶᠢᠨ ᠭᠡᠷ ᠪᠦᠯᠢ ᠶᠢᠨ ᠶᠡᠷᠦᠩᠬᠡᠶᠢᠯᠡᠭᠰᠡᠨ ᠳᠠᠭᠠᠳᠬᠠᠯ ᠮᠥᠨ᠂ ︽ᠳᠠᠭᠠᠳᠬᠠᠯ+ᠦᠢᠯᠡᠴᠢᠯᠡᠭᠡ︾ ᠶᠢᠨ ᠰᠢᠨ᠎ᠡ ᠶᠢ | ᠡᠭᠦᠳᠦᠭᠰᠡᠨ ᠬᠠᠶᠢᠨ ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ ᠨᠢᠭᠡᠪᠦᠷᠢ ᠶᠢᠨ ᠶᠡᠷᠦᠩᠬᠡᠢ | ᠳᠠᠭᠠᠳᠬᠠᠯ ᠤᠨ ᠲᠤᠭ᠎ᠠ ᠨᠢ 230 ᠲᠦᠮᠡᠨ ᠲᠥᠭᠦᠷᠢᠭ ᠲᠤ ᠬᠦᠷᠴᠡᠢ᠃ ᠡᠭᠦᠨ ᠠᠴᠠ ᠭᠠᠳᠠᠨ᠎ᠠ᠂ ︽ᠱᠠᠩᠬᠠᠢ ᠶᠢᠨ | ᠭᠡᠷ ᠪᠦᠯᠢ ᠶᠢᠨ ᠳᠠᠭᠠᠳᠬᠠᠯ︾ ᠨᠢ ᠪᠠᠰᠠ ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ ᠭᠡᠷ ᠤᠨ | ᠴᠠᠬᠢᠯᠭᠠᠨ ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ ᠠᠮᠢᠳᠤᠷᠠᠯ ᠤᠨ ᠦᠢᠯᠡᠴᠢᠯᠡᠭᠡ ᠬᠠᠩᠭᠠᠪᠠ᠃ | | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ | ᠣᠯᠠᠨ ᠪᠠᠷᠢᠮᠵᠢᠶᠠᠵᠢᠭᠤᠯᠤᠭᠰᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ | ᠰᠢᠨ᠎ᠡ ᠪᠠᠷ ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢ ᠭᠦᠢᠴᠡᠳ | ᠬᠡᠷᠡᠭᠯᠡᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠣᠶᠤᠨᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠡᠨᠡ ᠬᠦ ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠳᠠᠭᠠᠳᠬᠠᠯ | ᠬᠠᠷᠢᠭᠤᠴᠠᠬᠤ᠂ ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡᠨ ᠤ | ᠳᠥᠭᠦᠮᠴᠢᠯᠡᠯᠲᠡ ᠶᠢᠨ ᠬᠡᠮᠵᠢᠶ᠎ᠡ ᠶᠢ ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ︿ᠲᠥᠯᠥᠪᠡᠰᠦ ᠵᠣᠬᠢᠬᠤ ᠶᠢ ᠨᠢ | ᠪᠦᠬᠦᠨ ᠢ ᠲᠥᠯᠥᠵᠦ᠂ ᠲᠥᠯᠥᠵᠦ ᠳᠡᠶᠢᠯᠬᠦ ᠶᠢ ᠨᠢ ᠲᠦᠷᠭᠡᠨ ᠲᠥᠯᠥᠬᠦ﹀ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ︾ ᠭᠡᠵᠦ ᠳ᠋ᠦᠩ ᠰᠢ ᠮᠢᠶᠣᠣ ᠬᠡᠯᠡᠪᠡ᠃ |