ᠵᠣᠯ ᠵᠢᠷᠭᠠᠯᠠᠩᠲᠤ ᠬᠦᠷᠢᠶᠡᠯᠡᠩ ᠨᠠᠰᠤᠲᠠᠶᠢᠴᠤᠳ ᠢ ᠵᠢᠷᠭᠠᠭᠤᠯᠵᠤ ᠪᠣᠢ
ᠨᠡᠶᠢᠲᠡᠯᠡᠭᠰᠡᠨ ᠴᠠᠭ᠄
2024/6/18

    ᠬᠥᠳᠡᠭᠡ ᠲᠣᠰᠬᠤᠨ ᠤ ᠨᠠᠰᠤᠲᠠᠶᠢᠴᠤᠳ ᠢ ᠠᠰᠠᠷᠠᠬᠤ ᠠᠰᠠᠭᠤᠳᠠᠯ ᠢ ᠤᠯᠠᠮ ᠨᠢᠭᠡ ᠠᠯᠬᠤᠮ

ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ ᠬᠥᠪᠡᠭᠡᠲᠦ ᠰᠢᠷ᠎ᠠ ᠬᠤᠰᠢᠭᠤ ᠬᠥᠳᠡᠭᠡ ᠲᠣᠰᠬᠤᠨ ᠤ  

ᠨᠠᠰᠤᠲᠠᠶᠢᠴᠤᠳ ᠢ ᠠᠰᠠᠷᠠᠬᠤ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠵᠢᠷᠭᠤᠭᠠᠨ ᠲᠠᠷᠢᠶᠠᠯᠠᠬᠤ

ᠭᠠᠴᠠᠭ᠎ᠠ ᠪᠣᠯᠭᠠᠨ ᠳᠤ ᠨᠢᠭᠡ ︽ᠵᠣᠯ ᠵᠢᠷᠭᠠᠯᠠᠩᠲᠤ ᠬᠦᠷᠢᠶᠡᠯᠡᠩ︾ ᠪᠠᠶᠢᠭᠤᠯᠵᠤ᠂ ᠨᠠᠰᠤᠲᠠᠶᠢᠴᠤᠳ ᠢ ᠰᠦᠢᠳᠬᠡᠯ

ᠬᠤᠷᠢᠶᠠᠬᠤ ᠦᠭᠡᠢ ᠪᠠᠷ ᠰᠠᠭᠤᠯᠭᠠᠵᠤ᠂ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠬᠦ ᠳᠤ ᠨᠢ ᠳᠦᠬᠦᠮ

ᠳᠥᠲᠡ᠂ ᠰᠠᠶᠢᠨ ᠨᠥᠬᠦᠴᠡᠯ ᠢ ᠬᠠᠩᠭᠠᠵᠤ ᠥᠭᠭᠦᠭᠰᠡᠨ ᠪᠠᠶᠢᠨ᠎ᠠ᠃

    ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠲᠣᠯᠣᠭᠠᠢ ᠤᠰᠤ ᠭᠠᠴᠠᠭᠠᠨ ᠤ ᠵᠣᠯ

ᠵᠢᠷᠭᠠᠯᠠᠩᠲᠤ ᠬᠦᠷᠢᠶᠡᠯᠡᠩ ᠳᠤ ᠬᠦᠷᠬᠦ ᠳᠤ᠂ ᠨᠠᠰᠤᠲᠠᠶᠢᠴᠤᠳ ᠬᠦᠷᠢᠶᠡᠨ ᠳᠣᠲᠣᠷ᠎ᠠ ᠪᠠᠨ ᠵᠣᠭᠤᠭ ᠳᠡᠯᠭᠡᠨ

ᠬᠥᠭᠡᠷᠦᠯᠳᠦᠵᠦ ᠪᠠᠶᠢᠯ᠎ᠠ᠃ ᠬᠦᠷᠢᠶᠡᠨ ᠳᠤ ᠣᠷᠣᠬᠤ ᠳᠤ ᠡᠷᠦᠬᠡ ᠪᠠᠷ ᠨᠢᠭᠡᠴᠢ ᠪᠣᠯᠭᠠᠭᠰᠠᠨ 3 ᠮᠥᠷ ᠲᠣᠭᠤᠰᠬᠠᠨ

ᠪᠠᠶᠢᠰᠢᠩ ᠵᠢᠭᠳᠡᠷᠡᠨ᠂ ᠬᠦᠷᠢᠶ᠎ᠡ ᠬᠠᠰᠢᠶ᠎ᠠ ᠴᠡᠪᠡᠷ ᠴᠡᠮᠴᠡᠭᠡᠷ ᠪᠠᠶᠢᠵᠤ᠂ ᠣᠳᠣ 11 ᠡᠷᠦᠬᠡ ᠶᠢᠨ 18 ᠬᠥᠮᠥᠨ ᠠᠵᠤ

ᠲᠦᠷᠦᠵᠤ ᠪᠣᠢ᠃ ᠬᠡᠳᠦᠶᠢᠪᠡᠷ ᠡᠷᠦᠬᠡ ᠪᠦᠷᠢ ᠶᠢᠨ ᠲᠠᠯᠠᠪᠠᠢ 44 ᠲᠡᠭᠰᠢ ᠳᠥᠷᠪᠡᠯᠵᠢᠨ ᠮᠧᠲᠷ ᠪᠠᠶᠢᠭᠰᠠᠨ ᠴᠤ

ᠲᠣᠬᠢᠯᠢᠭ ᠲᠠᠭᠠᠯᠠᠮᠵᠢᠲᠠᠢ ᠪᠠᠶᠢᠵᠤ᠂ ᠨᠠᠰᠤᠲᠠᠶᠢᠴᠤᠳ ᠤᠨ ᠠᠮᠢᠳᠤᠷᠠᠯ ᠤᠨ ᠱᠠᠭᠠᠷᠳᠠᠯᠭ᠎ᠠ ᠶᠢ ᠪᠦᠷᠢᠮᠰᠦᠨ ᠬᠠᠩᠭᠠᠵᠤ

ᠴᠢᠳᠠᠳᠠᠭ ᠪᠠᠶᠢᠨ᠎ᠠ᠃ ︽ᠮᠠᠨ ᠤ ᠵᠣᠯ ᠵᠢᠷᠭᠠᠯᠠᠩᠲᠤ ᠬᠦᠷᠢᠶᠡᠯᠡᠩ ᠪᠣᠯ ᠵᠠᠰᠠᠭ ᠤᠨ ᠣᠷᠳᠣᠨ ᠠᠴᠠ 2016 ᠣᠨ ᠳᠤ

ᠨᠠᠰᠤᠲᠠᠶᠢᠴᠤᠳ ᠲᠤ ᠰᠢᠨ᠎ᠡ ᠪᠠᠷ ᠪᠠᠶᠢᠭᠤᠯᠵᠤ ᠥᠭᠭᠦᠭᠰᠡᠨ ᠶᠤᠮ︔ ᠲᠤᠬᠠᠢ ᠶᠢᠨ ᠦᠶ᠎ᠡ ᠳᠤ᠂ ᠨᠤᠷᠠᠬᠤ ᠠᠶᠤᠯᠲᠠᠢ

ᠭᠡᠷ ᠪᠠᠶᠢᠰᠢᠩ ᠳᠤ ᠣᠯᠠᠨ ᠵᠢᠯ ᠰᠠᠭᠤᠭᠰᠠᠨ 60 ᠨᠠᠰᠣᠨ ᠠᠴᠠ ᠳᠡᠭᠡᠭᠰᠢᠬᠢ  ᠰᠠᠭᠤᠭᠠᠯᠢ ᠡᠷᠦᠬᠡ ᠳᠤ ᠪᠠᠷᠢᠵᠤ

ᠥᠭᠪᠡ︔ 2021 ᠣᠨ ᠳᠤ ᠵᠠᠰᠠᠭ ᠤᠨ ᠣᠷᠳᠣᠨ ᠠᠴᠠ ᠪᠠᠰᠠ ᠡᠷᠦᠬᠡ ᠪᠦᠷᠢ ᠳᠤ ᠠᠭᠤᠵᠢᠮ ᠰᠠᠷᠠᠭᠤᠯ

ᠮᠥᠷᠲᠡᠭᠡᠨ ᠨᠠᠷᠠᠪᠴᠢ ᠤᠭᠰᠠᠷᠠᠵᠤ ᠥᠭᠭᠦᠭᠰᠡᠨ ᠪᠥᠭᠡᠳ ᠬᠦᠷᠢᠶ᠎ᠡ ᠬᠠᠰᠢᠶ᠎ᠠ ᠶᠢ ᠴᠤ ᠬᠠᠳᠠᠷᠠᠭᠤᠯᠵᠣ ᠥᠭᠭᠦᠭᠰᠡᠨ

ᠪᠠᠶᠢᠨ᠎ᠠ︔ ᠡᠭᠦᠨ ᠤ ᠬᠠᠮᠲᠤ᠂ ᠬᠤᠶᠠᠳᠤᠭᠠᠷ ᠮᠥᠷ ᠨᠠᠯᠠᠤᠴᠠ ᠶᠡᠭᠡ ᠲᠠᠢ ᠪᠣᠯᠬᠤᠷ ᠨᠠᠰᠤᠲᠠᠶᠢᠴᠤᠳ ᠴᠠᠰᠤ

ᠪᠣᠷᠣᠭᠠᠨ ᠲᠠᠢ ᠡᠳᠦᠷ ᠬᠠᠯᠲᠤᠷᠢᠬᠤ ᠠᠴᠠ ᠰᠡᠷᠭᠡᠶᠢᠯᠡᠨ ᠲᠠᠶᠢᠰᠠᠨ ᠶᠢ ᠵᠠᠰᠠᠵᠤ ᠬᠠᠰᠢᠯᠭ᠎ᠠ ᠬᠢᠵᠦ ᠥᠭᠪᠡ︔

ᠨᠠᠰᠤᠲᠠᠶᠢᠴᠤᠳ ᠵᠣᠯ ᠵᠢᠷᠭᠠᠯᠠᠩᠲᠤ ᠬᠦᠷᠢᠶᠡᠯᠡᠩ ᠳᠤ ᠲᠥᠪᠯᠡᠷᠡᠨ ᠰᠠᠭᠤᠭᠰᠠᠨ ᠠᠴᠠ ᠬᠠᠷᠢᠯᠴᠠᠨ ᠬᠠᠷᠠᠭᠠᠯᠵᠠᠵᠤ

ᠶᠡᠭᠡ ᠰᠠᠶᠢᠨ ᠪᠠᠶᠢᠨ᠎ᠠ︔ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠲᠣᠭᠲᠠᠭᠰᠠᠨ ᠬᠤᠭᠤᠴᠠᠭ᠎ᠠ ᠲᠠᠢ

ᠨᠠᠰᠤᠲᠠᠶᠢᠴᠤᠳ ᠲᠤ ᠦᠨ᠎ᠡ ᠲᠥᠯᠥᠪᠦᠷᠢ ᠦᠭᠡᠢ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ᠂ ᠰᠠᠶᠢᠨ ᠲᠣᠷᠠᠴᠢᠳ

ᠨᠠᠰᠤᠲᠠᠶᠢᠴᠤᠳ ᠲᠤ ᠦᠰᠦ ᠵᠠᠰᠠᠬᠤ᠂ ᠴᠡᠪᠡᠷᠯᠡᠭᠡ ᠬᠢᠬᠦ ᠵᠡᠷᠭᠡ ᠪᠠᠷ ᠦᠢᠯᠡᠴᠢᠯᠡᠳᠡᠭ︔ ᠨᠠᠰᠤᠲᠠᠶᠢᠴᠤᠳ ᠲᠣᠩ

ᠬᠠᠨᠤᠮᠵᠢᠲᠠᠶ ᠪᠠᠶᠢᠨ᠎ᠠ︾ ᠭᠡᠵᠦ ᠲᠣᠯᠣᠭᠠᠢ ᠤᠰᠤ  ᠭᠠᠴᠠᠭᠠᠨ ᠤ ᠨᠠᠮ ᠤᠨ ᠡᠭᠦᠷ ᠤᠨ ᠱᠦᠵᠢ᠂ ᠲᠤᠰᠬᠤᠨ ᠤ

ᠵᠥᠪᠯᠡᠯ ᠤᠨ ᠡᠷᠬᠢᠯᠡᠭᠴᠢ ᠮᠠ ᠵᠢᠦᠢ ᠯᠦᠩ ᠶᠠᠷᠢᠯ᠎ᠠ᠃

    ᠮᠠ ᠸᠧᠢ ᠵᠣᠣ ᠨᠠᠰᠤᠲᠠᠨ ᠪᠣᠯ ᠪᠣᠭᠳᠠ ᠶᠢᠨ ᠭᠤᠣᠯ ᠰᠤᠮᠤᠨ ᠤ ᠲᠣᠯᠣᠭᠠᠢ ᠤᠰᠤ ᠭᠠᠴᠠᠭᠠᠨ ᠤ ᠠᠬᠠᠮᠠᠳ

ᠨᠠᠮ ᠤᠨ ᠭᠡᠰᠢᠭᠦᠨ ᠪᠣᠯᠣᠨ᠎ᠠ᠃ 2017 ᠣᠨ ᠳᠤ ᠭᠡᠷᠭᠡᠢ ᠲᠠᠢ ᠪᠠᠨ ᠬᠠᠮᠲᠤ ᠵᠣᠯ ᠵᠢᠷᠭᠠᠯᠠᠩᠲᠤ ᠬᠦᠷᠢᠶᠡᠯᠡᠩ

ᠰᠠᠭᠤᠷᠢᠰᠢᠭᠠᠳ᠂ ᠣᠳᠣ ᠪᠣᠯᠳᠠᠯ᠎ᠠ ᠡᠨᠡ ᠬᠦ ᠬᠦᠷᠢᠶᠡᠯᠡᠩ ᠳᠤ ᠰᠡᠳᠬᠢᠯ ᠲᠠᠶᠢᠪᠤᠩ᠂ ᠵᠣᠯ ᠵᠢᠷᠭᠠᠯ ᠲᠠᠢ ᠦᠳᠡᠯᠣᠬᠡ

ᠨᠠᠰᠤ ᠪᠠᠨ ᠥᠩᠭᠡᠷᠡᠭᠦᠯᠵᠦ ᠪᠣᠢ᠃ ︽ᠮᠠᠨ ᠤ ᠨᠠᠰᠤᠲᠠᠶᠢᠴᠤᠳ ᠢ ᠬᠠᠯᠠᠮᠵᠢᠯᠠᠨ ᠬᠠᠪᠰᠤᠷᠴᠤ ᠸᠠᠭᠠᠷ ᠲᠣᠭᠤᠰᠬᠠᠨ

ᠪᠦᠲᠦᠴᠡᠲᠦ ᠭᠡᠷ ᠪᠠᠷᠢᠵᠤ ᠥᠭᠭᠦᠭᠰᠡᠨ ᠳᠤ ᠲᠣᠩ ᠲᠠᠯᠠᠷᠬᠠᠵᠤ ᠪᠠᠶᠢᠨ᠎ᠠ︔ ᠵᠠᠮ ᠢ ᠬᠠᠲᠠᠭᠤᠷᠠᠭᠤᠯᠵᠤ

ᠥᠭᠭᠦᠭᠰᠡᠨ ᠠᠴᠠ ᠶᠠᠪᠤᠬᠤ ᠰᠠᠭᠤᠬᠤ ᠳᠤ ᠴᠦ ᠳᠥᠭᠦᠮ  ᠪᠣᠯᠤᠭᠰᠠᠨ︔ ᠨᠠᠰᠤᠲᠠᠶᠢᠴᠤᠳ ᠪᠢᠳᠠ ᠬᠠᠮᠲᠤ ᠰᠠᠭᠤᠬᠤ

ᠪᠣᠯᠤᠭᠰᠠᠨ ᠠᠴᠠ ᠪᠡᠶ᠎ᠡ ᠪᠡᠶ᠎ᠡ ᠳᠤ  ᠪᠠᠨ ᠬᠠᠪᠰᠤᠷᠬᠤ᠂ ᠵᠣᠭᠤᠭᠳᠠᠵᠤ ᠰᠡᠳᠬᠢᠯ ᠰᠡᠷᠭᠦᠭᠡᠬᠦ ᠳᠤ ᠴᠤ ᠳᠦᠬᠦᠮ

ᠪᠣᠯᠤᠭᠰᠠᠨ︾ ᠭᠡᠵᠦ ᠲᠣᠯᠣᠭᠠᠢ ᠤᠰᠤ ᠭᠠᠴᠠᠭᠠᠨ ᠤ ᠠᠬᠠᠮᠠᠳ ᠨᠠᠮ ᠤᠨ ᠭᠡᠰᠢᠭᠦᠨ ᠮᠠ ᠸᠧᠢ ᠵᠣᠣ ᠶᠠᠷᠢᠯ᠎ᠠ᠃

    ᠬᠥᠪᠡᠭᠡᠲᠦ ᠰᠢᠷ᠎ᠠ ᠬᠤᠰᠢᠭᠤᠨ ᠤ ᠵᠣᠯ ᠵᠢᠷᠭᠠᠯᠠᠩᠲᠤ ᠬᠦᠷᠢᠶᠡᠯᠡᠩ ᠨᠢ ᠨᠠᠰᠤᠲᠠᠶᠢᠴᠤᠳ ᠲᠤ ᠠᠮᠢᠳᠤᠷᠠᠯ ᠤᠨ

ᠲᠠᠯ᠎ᠠ  ᠪᠠᠷ ᠳᠦᠬᠦᠮ ᠦᠵᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠡᠳᠬᠢᠯ ᠰᠠᠨᠠᠭᠠᠨ ᠤ ᠲᠠᠯ᠎ᠠ ᠪᠠᠷ ᠪᠠᠶᠠᠷ

ᠪᠠᠶᠠᠰᠬᠤᠯᠠᠩᠲᠠᠢ ᠪᠠᠶᠢᠬᠤ ᠳᠤ ᠨᠥᠬᠦᠴᠡᠯ ᠬᠠᠩᠭᠠᠵᠤ᠂ ᠲᠠᠷᠢᠶᠠᠯᠠᠬᠤ ᠮᠠᠯᠵᠢᠬᠤ ᠣᠷᠣᠨ ᠤ ᠬᠠᠷᠠᠵᠤ ᠬᠠᠷᠠᠭᠠᠯᠵᠠᠬᠤ

ᠬᠥᠮᠥᠨ ᠦᠭᠡᠢ ᠨᠠᠰᠤᠲᠠᠶᠢᠴᠤᠳ ᠤᠨ ᠨᠠᠰᠤᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠦᠲᠦᠮᠵᠢᠲᠠᠢ ᠰᠢᠨ᠎ᠡ

ᠠᠷᠭ᠎ᠠ ᠵᠠᠮ ᠪᠣᠯᠤᠭᠰᠠᠨ ᠪᠠᠶᠢᠨ᠎ᠠ᠃

 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号