ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 2024 | ᠣᠨ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤ ᠠᠶᠢᠮᠠᠭ ᠬᠤᠲᠠ ᠶᠢᠨ ᠱᠠᠲᠤᠨ ᠤ | ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ᠂ ᠲᠥᠷᠥ ᠶᠢᠨ ᠪᠣᠳᠣᠯᠭ᠎ᠠ ᠶᠢ ᠪᠥᠬᠦ ᠣᠷᠣᠨ ᠳᠤ ᠨᠢᠭᠡᠳᠦᠯᠲᠡᠢ | ᠪᠠᠶᠢᠯᠭᠠᠬᠤ ᠪᠠᠷ ᠭᠤᠣᠯ ᠪᠣᠯᠭᠠᠵᠤ᠂ ᠰᠠᠭᠤᠷᠢ ᠮᠥᠩᠭᠦ ᠶᠢ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠢ ᠬᠤᠷᠢᠶᠠᠵᠤ | ᠨᠢᠭᠡᠳᠦᠯᠲᠡᠢ ᠵᠠᠷᠤᠬᠤ ᠪᠠᠷ ᠰᠠᠭᠤᠷᠢ ᠪᠣᠯᠭᠠᠨ᠂ ᠰᠠᠭᠤᠷᠢ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠮᠡᠳᠡᠭᠡ ᠵᠠᠩᠭᠢ ᠶᠢᠨ ᠰᠢᠰᠲ᠋ᠧᠮ ᠤᠨ ᠴᠢᠳᠠᠮᠵᠢ ᠶᠢ | ᠲᠡᠭᠦᠯᠳᠡᠷᠵᠢᠭᠦᠯᠬᠦ ᠪᠠᠷ ᠲᠦᠰᠢᠭ ᠪᠣᠯᠭᠠᠵᠤ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠤᠯᠠᠮ | ᠨᠢᠭᠡ ᠠᠯᠬᠤᠮ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠪᠡ᠃ | ᠪᠦᠬᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ | ᠰᠠᠭᠤᠷᠢ ᠮᠥᠩᠭᠦᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠨᠥᠬᠦᠪᠦᠷᠢ ᠶᠢ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠢ | ᠡᠷᠦᠬᠡ ︵︽ᠲᠤᠰᠬᠠᠢ ᠡᠷᠦᠬᠡ ᠳᠤ ᠰᠢᠭᠤᠳ ᠨᠡᠪᠲᠡᠷᠡᠬᠦ ᠲᠡᠷᠭᠡ︾︶ ᠳᠤ ᠴᠠᠭ ᠲᠤᠬᠠᠢ ᠳᠤ ᠨᠢ ᠭᠦᠢᠴᠡᠳ ᠲᠤᠭ᠎ᠠ ᠪᠠᠷ | ᠰᠠᠯᠭᠠᠨ ᠥᠭᠭᠦᠨ᠎ᠡ᠂ ᠠᠶᠢᠮᠠᠭ ᠬᠤᠲᠠ ᠵᠢᠴᠢ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ | ᠲᠡᠭᠦᠨ ᠤ ᠡᠭᠦᠷᠭᠡᠯᠡᠵᠦ ᠪᠦᠬᠦᠢ ᠡᠳ᠋ ᠤᠨ ᠵᠠᠰᠠᠭ ᠤᠨ ᠨᠥᠬᠦᠪᠦᠷᠢ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ | ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠰᠬᠠᠢ ᠡᠷᠦᠬᠡ ᠳᠤ | ᠰᠠᠯᠭᠠᠨ ᠥᠭᠭᠦᠨ᠎ᠡ᠃ | ᠣᠳᠣᠬᠠᠨ ᠳᠤ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢᠭᠡᠨᠲᠡ 2024 ᠣᠨ ᠤ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠡᠳ᠋ ᠤᠨ ᠵᠠᠰᠠᠭ ᠤᠨ | ᠨᠥᠬᠦᠪᠦᠷᠢ ᠶᠢᠨ ᠪᠡᠯᠡ ᠮᠥᠩᠭᠦ ᠶᠢ 43.64 ᠳ᠋ᠦᠩᠰᠢᠭᠤᠷ ᠲᠥᠭᠦᠷᠢᠭ ᠪᠠᠭᠤᠯᠭᠠᠪᠠ᠃ ᠡᠭᠦᠨ ᠳᠤ᠂ ︽ᠲᠤᠰᠬᠠᠢ | ᠡᠷᠦᠬᠡ ᠳᠤ ᠰᠢᠭᠤᠳ ᠨᠡᠪᠲᠡᠷᠡᠬᠦ ᠲᠡᠷᠭᠡ︾ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ ᠳᠤ 16 | ᠳ᠋ᠦᠩᠰᠢᠭᠤᠷ ᠲᠥᠭᠦᠷᠢᠭ ᠰᠠᠯᠭᠠᠨ ᠥᠭᠪᠡ᠃ 2024 ᠣᠨ ᠤ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ | ᠣᠷᠣᠯᠭ᠎ᠠ 31.03 ᠳ᠋ᠦᠩᠰᠢᠭᠤᠷ ᠲᠥᠭᠦᠷᠢᠭ᠂ ᠵᠠᠷᠤᠯᠭ᠎ᠠ 26.01 ᠳ᠋ᠦᠩᠰᠢᠭᠤᠷ ᠲᠥᠭᠦᠷᠢᠭ ᠪᠠᠶᠢᠵᠤ᠂ ᠲᠣᠰ | ᠬᠤᠭᠤᠴᠠᠭᠠᠨ ᠤ ᠣᠷᠣᠯᠭ᠎ᠠ ᠵᠠᠷᠤᠯᠭ᠎ᠠ ᠶᠢᠨ ᠦᠯᠡᠳᠡᠪᠦᠷᠢ 5.02 ᠳ᠋ᠦᠩᠰᠢᠭᠤᠷ ᠲᠥᠭᠦᠷᠢᠭ ᠪᠠᠶᠢᠵᠤ᠂ ᠪᠥᠬᠦ | ᠣᠷᠣᠨ ᠤ 280.11 ᠲᠦᠮᠡᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠨᠢ ᠣᠯᠭᠤᠪᠠ᠃ | ︽ᠪᠢᠳᠡ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠪᠠ ᠮᠡᠳᠡᠭᠡ ᠵᠠᠩᠭᠢ ᠶᠢᠨ | ᠰᠢᠰᠲ᠋ᠧᠮ ᠢ ᠲᠡᠭᠦᠯᠳᠡᠷᠵᠢᠭᠦᠯᠦᠨ᠂ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ ᠰᠡᠷᠭᠡᠶᠢᠯᠡᠵᠦ᠂ ᠰᠠᠭᠤᠷᠢ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃ | | |