ᠥᠪᠥᠷ ᠮᠣᠩᠭᠤᠯ ᠲᠥᠪ ᠤᠨ ᠡᠳ᠋ ᠤᠨ ᠵᠠᠰᠠᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 6000 ᠲᠦᠮᠡᠨ ᠲᠥᠭᠦᠷᠢᠭ ᠣᠯᠬᠤ ᠪᠠᠷ ᠴᠢᠷᠮᠠᠶᠢᠵᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠪᠦᠭᠦ ᠬᠦᠴᠦᠨ ᠢᠶᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2024/6/19

    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠬᠥᠳᠡᠭᠡ

ᠠᠵᠤ ᠠᠬᠤᠢ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ︽2024 ᠣᠨ ᠤ ᠤᠯᠤᠰ ᠤᠨ ᠣᠲᠣ

ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠠᠮᠵᠢᠯᠲᠠ

ᠪᠦᠲᠦᠮᠵᠢ ᠶᠢ ᠦᠨᠡᠯᠡᠨ ᠵᠢᠱᠢᠭᠰᠡᠨ ᠪᠠᠶᠢᠳᠠᠯ ᠤᠨ ᠲᠤᠬᠠᠢ ᠮᠡᠳᠡᠭᠳᠡᠯ︾ ᠢ ᠨᠡᠶᠢᠲᠡᠯᠡᠪᠡ᠂ ᠪᠦᠭᠦ ᠤᠯᠤᠰ ᠤᠨ 49

ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠠᠮᠵᠢᠯᠲᠠ ᠪᠦᠲᠦᠮᠵᠢ ᠶᠢᠨ ᠳᠤᠮᠳᠠ

ᠬᠤᠭᠤᠴᠠᠭᠠᠨ ᠤ ᠦᠨᠡᠯᠡᠨ ᠵᠢᠱᠢᠯᠲᠡ ᠳᠤ ᠮᠠᠨ ᠤ ᠣᠷᠣᠨ ᠤ ᠬᠤᠷᠢᠨᠭᠡᠷ ᠰᠢᠶᠠᠨ ᠤ ᠤᠯᠤᠰ ᠤᠨ ᠣᠳᠣ ᠦᠶ᠎ᠡ ᠶᠢᠨ

ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ

ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠠᠩᠭᠢᠨ

ᠬᠤᠶᠢᠲᠤ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ

ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ

ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠤᠷᠤᠭᠰᠢᠲᠠᠢ ᠥᠩᠭᠡᠷᠡᠭᠡᠵᠦ᠂ ᠲᠤᠰ ᠲᠤᠰ ᠳᠥᠷᠪᠡᠳᠦᠭᠡᠷ᠂

ᠠᠷᠪᠠᠨ ᠨᠢᠭᠡᠳᠦᠭᠡᠷ᠂ ᠠᠷᠪᠠᠨ ᠲᠠᠪᠤᠳᠤᠭᠠᠷ ᠨᠡᠷᠡᠰ ᠲᠤ ᠵᠢᠭᠰᠠᠭᠠᠭᠳᠠᠵᠤ᠂ ᠲᠥᠪ ᠤᠨ ᠡᠳ᠋ ᠤᠨ ᠵᠠᠰᠠᠭ ᠤᠨ ᠣᠳᠣ

ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠡᠭᠦᠳᠦᠨ ᠪᠠᠶᠢᠭᠤᠯᠬᠤ

ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠡᠶᠢᠲᠡ 6000 ᠲᠦᠮᠡᠨ ᠲᠥᠭᠦᠷᠢᠭ ᠣᠯᠬᠤ ᠪᠠᠷ ᠴᠢᠷᠮᠠᠶᠢᠵᠤ ᠪᠤᠢ᠃

    ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ

ᠡᠳ᠋ ᠤᠨ ᠵᠠᠰᠠᠭ ᠤᠨ ᠶᠠᠮᠤᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ

ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ

ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠯᠦᠭᠡ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠪᠠᠨ

ᠲᠠᠰᠤᠷᠠᠯᠲᠠ ᠦᠭᠡᠢ ᠴᠢᠩᠭᠠᠳᠬᠠᠵᠤ᠂ ᠠᠵᠤ ᠦᠢᠯᠡᠰ ᠤᠨ ᠬᠦᠷᠢᠶᠡᠯᠡᠩ ᠤᠨ ᠡᠭᠦᠳᠦᠨ ᠪᠠᠶᠢᠭᠤᠯᠬᠤ ᠲᠥᠷᠥᠯ ᠵᠦᠢᠯ ᠢ

ᠬᠡᠷᠡᠭᠵᠢᠭᠦᠯᠬᠦ᠂ ᠲᠥᠷᠥᠯ ᠵᠦᠢᠯ ᠤᠨ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠵᠡᠷᠭᠡ ᠵᠠᠩᠭᠢᠯᠠᠭ᠎ᠠ ᠶᠢᠨ

ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ

ᠬᠦᠷᠢᠶᠡᠯᠡᠩ ᠢ ᠡᠭᠦᠳᠦᠨ ᠪᠠᠶᠢᠭᠤᠯᠬᠤ ᠶᠢ ᠬᠠᠮᠲᠤᠷᠠᠨ ᠵᠢᠯᠤᠭᠤᠳᠬᠤ ᠪᠠ ᠠᠮᠵᠢᠯᠲᠠ ᠪᠦᠲᠦᠮᠵᠢ ᠶᠢ ᠦᠨᠡᠯᠡᠨ

ᠵᠢᠱᠢᠬᠦ ᠶᠢ ᠥᠷᠨᠢᠭᠦᠯᠵᠦ᠂ ᠡᠭᠦᠳᠦᠨ ᠪᠠᠶᠢᠭᠤᠯᠬᠤ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ

ᠪᠦᠲᠦᠮᠵᠢ ᠣᠯᠬᠤ ᠶᠢ ᠪᠦᠭᠦ ᠬᠦᠴᠦᠨ ᠢᠶᠠᠷ ᠠᠬᠢᠭᠤᠯᠪᠠ᠃

    ︽ᠪᠢᠳᠡ ᠡᠭᠦᠳᠦᠨ ᠪᠠᠶᠢᠭᠤᠯᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ

ᠴᠢᠩᠭᠠᠳᠬᠠᠬᠤ ᠶᠢᠨ ᠬᠠᠮᠲᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢ ᠵᠢᠯᠣᠭᠤᠳᠤᠨ ᠠᠷᠭ᠎ᠠ ᠵᠠᠮ

 ᠨᠢ ᠰᠠᠮᠠᠭᠤᠷᠠᠬᠤ ᠦᠭᠡᠢ᠂ ᠬᠡᠷᠡᠭᠴᠡᠭᠡ ᠨᠢ ᠬᠤᠪᠢᠷᠠᠬᠤ ᠦᠭᠡᠢ ᠪᠠᠶᠢᠬᠤ ᠵᠠᠷᠴᠢᠮ ᠶᠣᠰᠣᠭᠠᠷ᠂ ᠡᠳ᠋ ᠤᠨ ᠵᠠᠰᠠᠭ ᠤᠨ

ᠱᠠᠩᠨᠠᠯ ᠨᠥᠬᠦᠪᠦᠷᠢ ᠶᠢᠨ ᠪᠡᠯᠡ ᠮᠥᠩᠭᠦ ᠶᠢᠨ ᠦᠢᠯᠡᠳᠦᠯ ᠢ ᠦᠨᠡᠨ ᠬᠦ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃

ᠲᠠᠷᠢᠶᠠᠯᠠᠩ ᠳᠤ ᠬᠤᠯᠪᠣᠭᠳᠠᠬᠤ ᠬᠡᠰᠡᠭ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ᠂ ᠤᠯᠤᠰ ᠤᠨ ᠬᠢᠨᠠᠨ

ᠲᠣᠭᠲᠠᠭᠠᠯᠲᠠ ᠪᠠ ᠵᠥᠪᠰᠢᠶᠡᠷᠡᠯ ᠢ ᠣᠯᠣᠭᠰᠠᠨ ᠭᠠᠵᠠᠷ ᠣᠷᠣᠨ ᠪᠠ ᠲᠥᠷᠥᠯ ᠵᠦᠢᠯ ᠳᠤ ᠲᠥᠪᠯᠡᠷᠡᠭᠦᠯᠵᠦ᠂ ᠨᠢᠭᠡ

ᠪᠦᠯᠦᠭ ᠪᠦᠲᠦᠵᠦ ᠳᠡᠶᠢᠯᠭᠦ᠂ ᠨᠡᠷ᠎ᠡ ᠨᠥᠯᠥᠭᠡ ᠲᠠᠢ᠂ ᠥᠪᠥᠷ ᠮᠣᠩᠭᠤᠯ ᠤᠨ ᠣᠨᠴᠠᠯᠢᠭ ᠲᠠᠢ ᠴᠢᠨᠠᠷ ᠰᠠᠶᠢᠲᠠᠢ ᠮᠠᠯ

ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠭᠤᠣᠯᠳᠠᠯᠭ᠎ᠠ ᠲᠠᠢ ᠪᠠᠶᠢᠭᠤᠯᠤᠨ᠎ᠠ︾ ᠭᠡᠵᠦ

ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠵᠣᠣ ᠳ᠋ᠠ ᠵᠢᠶᠦ᠋ᠨ ᠬᠡᠯᠡᠪᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号