3 ᠳ᠋ᠤᠭᠠᠷ ᠰᠠᠷ᠎ᠠ ᠶᠢᠨ 29 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ | ᠣᠷᠣᠨ ᠲᠣᠭᠠᠨ ᠤ ᠠᠯᠪᠠᠨ ᠭᠡᠷ ᠤᠨ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠪᠠ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ | ᠲᠣᠭᠲᠠᠴᠠ ᠶᠢ ᠰᠢᠯᠢᠳᠡᠭᠵᠢᠭᠦᠯᠦᠨ ᠠᠬᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠮᠡᠳᠡᠭᠳᠡᠯ︾ | ︵ᠥᠪᠥᠷ ᠪᠠᠶᠢᠭᠤᠯᠤᠮᠵᠢ ᠣᠷᠣᠨ ᠠᠯᠪᠠᠨ ᠲᠠᠷᠬᠠᠭᠠᠭᠰᠠᠨ ︹2024︺ 91 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ | ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠵᠤ᠂ ᠪᠠᠷᠢᠮᠵᠢᠶ᠎ᠠ ᠶᠢ ᠴᠢᠩᠭ᠎ᠠ ᠵᠢᠷᠤᠮᠯᠠᠨ | ᠡᠮᠬᠢᠯᠡᠬᠦ ᠶᠢᠨ ᠬᠠᠮᠲᠤ ᠢᠲᠡᠭᠡᠮᠵᠢ ᠶᠢᠨ ᠬᠢᠨᠠᠨ ᠪᠠᠶᠢᠴᠠᠭᠠᠯᠲᠠ ᠬᠢᠵᠦ᠂ ᠵᠢᠷᠭᠤᠭᠠᠨ ᠲᠥᠷᠥᠯ ᠤᠨ 48 ᠠᠵᠤ | ᠠᠬᠤᠶᠢᠯᠠᠯ ᠢ ᠪᠠᠭᠲᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠨᠡᠷᠡᠰ︾ ᠢ ᠭᠠᠷᠭᠠᠪᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄ | ᠨᠢᠭᠡ ᠳᠤ᠂ ᠮᠠᠨ ᠤ ᠣᠷᠣᠨ ᠳᠤ ᠳᠠᠩᠰᠠᠯᠠᠭᠤᠯᠤᠭᠰᠠᠨ ᠶᠡᠷᠦᠩᠬᠡᠢ ᠬᠡᠯᠲᠡᠰ ᠬᠡᠯᠪᠡᠷᠢ ᠶᠢᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠠᠵᠤ ᠦᠢᠯᠡᠰ ᠢ ᠪᠦᠬᠦ ᠤᠯᠤᠰ ᠲᠤ ᠪᠠᠶᠢᠷᠢᠰᠢᠭᠤᠯᠵᠤ᠂ ᠶᠡᠷᠦᠩᠬᠡᠢ | ᠬᠡᠯᠲᠡᠰ ᠢ ᠮᠠᠨ ᠤ ᠣᠷᠣᠨ ᠳᠤ ᠰᠢᠯᠵᠢᠭᠦᠯᠦᠨ ᠳᠠᠩᠰᠠᠯᠠᠭᠤᠯᠤᠭᠰᠠᠨ᠂ ᠶᠡᠷᠦᠩᠬᠡᠢ ᠬᠡᠯᠲᠡᠰ ᠨᠢ ᠨᠢᠭᠡᠳᠦᠯᠲᠡᠢ ᠳ᠋ᠦᠩᠨᠡᠨ | ᠪᠣᠳᠣᠵᠤ᠂ ᠲᠣᠭᠠᠴᠠᠭ᠎ᠠ ᠬᠢᠭᠰᠡᠨ ᠪᠦᠯᠦᠭᠯᠡᠯᠵᠢᠭᠰᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 3 | ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ᠬᠤᠶᠠᠷ ᠲᠤ᠂ ᠬᠡᠲᠦ ᠲᠣᠮᠣ | ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠳᠠᠷᠤᠢ ᠨᠢᠭᠡᠨᠲᠡ ᠨᠡᠶᠢᠲᠡᠯᠡᠭᠰᠡᠨ ᠳᠡᠯᠡᠬᠡᠢ ᠶᠢᠨ | ᠲᠠᠪᠤᠨ ᠵᠠᠭᠤᠨ ᠬᠦᠴᠦᠷᠬᠡᠭ ᠪᠠ ᠳᠤᠮᠳᠠᠳᠤ ᠤᠯᠤᠰ ᠤᠨ ᠲᠠᠪᠤᠨ ᠵᠠᠭᠤᠨ ᠬᠦᠴᠦᠷᠬᠡᠭ ᠲᠤ ᠰᠣᠩᠭᠤᠭᠳᠠᠭᠰᠠᠨ | ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠵᠢᠴᠢ ᠨᠢᠭᠡᠨᠲᠡ ᠨᠡᠶᠢᠲᠡᠯᠡᠭᠰᠡᠨ ᠵᠢᠯ ᠤᠨ | ᠡᠵᠡᠩᠨᠡᠯᠲᠡ ᠶᠢᠨ ᠣᠷᠣᠯᠭ᠎ᠠ ᠨᠢ 150 ᠳ᠋ᠦᠩᠰᠢᠭᠤᠷ ᠲᠥᠭᠦᠷᠢᠭ ᠢ ᠳᠠᠪᠠᠭᠰᠠᠨ ᠥᠪᠡᠷᠲᠡᠭᠡᠨ ᠵᠠᠰᠠᠬᠤ ᠣᠷᠣᠨ ᠤ | ᠵᠠᠭᠤᠨ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ᠎ᠠ︔ ᠨᠡᠶᠢᠲᠡ 16 ᠡᠷᠦᠬᠡ ᠪᠠᠶᠢᠵᠤ᠂ | ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠭᠤᠷᠪᠠ ᠳᠤ᠂ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢᠨ ᠡᠵᠡᠨ ᠪᠣᠯᠬᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠬᠠᠮᠢᠶ᠎ᠠ | ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠡᠯᠬᠢᠶ᠎ᠡ ᠶᠢᠨ ᠡᠵᠡᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠪᠠ ᠬᠠᠮᠢᠶᠠᠷᠬᠤ ᠠᠷᠭ᠎ᠠ︾ ᠶᠢ | ᠦᠨᠳᠦᠰᠦᠯᠡᠵᠦ ᠰᠣᠩᠭᠤᠭᠰᠠᠨ ᠥᠪᠡᠷᠲᠡᠭᠡᠨ ᠵᠠᠰᠠᠬᠤ ᠣᠷᠣᠨ ᠤ 16 ᠵᠤᠷᠪᠤᠰ ᠭᠤᠣᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢᠨ ᠡᠵᠡᠨ ᠠᠵᠤ ᠠᠬᠤᠶᠢᠯᠠᠯ ᠳᠣᠲᠣᠷᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ | ᠨᠡᠶᠢᠲᠡ 8 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠳᠥᠷᠪᠡ ᠳᠤ᠂ ᠵᠠᠬ᠎ᠠ | ᠳᠡᠯᠭᠡᠭᠦᠷ ᠲᠤ ᠭᠠᠷᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠣᠲᠣ ᠪᠣᠯᠲᠠᠯ᠎ᠠ ᠮᠠᠨ ᠤ | ᠣᠷᠣᠨ ᠤ ᠠᠷᠠᠳ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠳᠣᠲᠣᠷ᠎ᠠ᠂ | ᠬᠢᠯᠢ ᠶᠢᠨ ᠳᠣᠲᠣᠷᠠᠬᠢ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠪᠥᠭᠡᠳ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠲᠦᠭᠰᠢᠭᠦᠷᠢ ᠶᠢ ᠬᠢᠨᠠᠨ ᠰᠢᠨᠵᠢᠬᠦ ᠨᠡᠷᠡᠰ ᠲᠤ ᠣᠷᠣᠭᠤᠯᠤᠭᠠᠳᠤᠢ ᠠᠵᠤ | ᠠᠬᠤᠶᠢᠯᠠᠯ︔ ᠨᠡᠶᠢᠲᠡ 11 ᠡᠷᠦᠬᠡ ᠪᠠᠶᠢᠵᠤ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠵᠠᠬ᠎ᠠ ᠳᠡᠯᠭᠡᠭᠦᠷ ᠤᠨ | ᠥᠷᠲᠡᠭ ᠢᠶᠠᠷ ᠵᠢᠭᠰᠠᠭᠠᠪᠠ︔ ᠲᠠᠪᠤ ᠳᠤ᠂ ᠠᠵᠢᠯ ᠲᠥᠷᠥᠯ ᠤᠨ ᠳᠠᠭᠠᠭᠤᠯᠤᠭᠴᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ᠄ ᠲᠤᠬᠠᠶᠢᠯᠠᠪᠠᠯ ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠢ ᠬᠤᠪᠢᠶᠠᠬᠤ ᠪᠠᠷᠢᠮᠵᠢᠶ᠎ᠠ ᠶᠢ | ᠦᠨᠳᠦᠰᠦᠯᠡᠨ᠂ 17 ᠠᠵᠢᠯ ᠲᠥᠷᠥᠯ ᠤᠨ ᠲᠦᠷᠦᠭᠦᠤ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ | ᠠᠵᠢᠯ ᠤᠨ ᠣᠷᠣᠯᠭ᠎ᠠ ᠪᠠᠷ ᠨᠢᠭᠡᠳᠦᠭᠡᠷ ᠲᠤ ᠵᠢᠭᠰᠠᠭᠠᠭᠳᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ | ᠨᠡᠶᠢᠲᠡ 4 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠵᠢᠷᠭᠤᠭ᠎ᠠ ᠳᠤ᠂ | ᠭᠤᠣᠯᠳᠠᠯᠭ᠎ᠠ ᠲᠠᠢ ᠪᠣᠶᠢᠵᠢᠭᠤᠯᠬᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠠᠶᠢᠮᠠᠭ ᠬᠤᠲᠠ | ᠲᠠᠨᠢᠯᠴᠠᠭᠤᠯᠤᠨ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠯᠤᠭ᠎ᠠ ᠪᠠᠶᠢᠯᠳᠤᠬᠤ | ᠪᠣᠳᠣᠯᠭ᠎ᠠ ᠶᠢᠨ ᠵᠥᠪᠯᠡᠯᠴᠡᠭᠡᠷ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠵᠠᠭᠤᠨ ᠳ᠋ᠦᠩᠰᠢᠭᠤᠷ | ᠲᠥᠭᠦᠷᠢᠭ ᠠᠴᠠ ᠳᠡᠭᠡᠭᠰᠢ᠂ ᠲᠥᠰᠥᠯ ᠢ ᠨᠢᠭᠡᠨᠲᠡ ᠠᠵᠢᠯ ᠡᠬᠢᠯᠡᠭᠦᠯᠦᠭᠰᠡᠨ ᠪᠤᠶᠤ ᠡᠯ᠎ᠡ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠤᠨ ᠠᠬᠢᠴᠠ ᠨᠢ ᠤᠷᠤᠭᠰᠢᠲᠠᠢ᠂ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠵᠤ | ᠳᠡᠶᠢᠯᠬᠦ ᠮᠥᠷᠲᠡᠭᠡᠨ ᠨᠢᠭᠡᠨᠲᠡ ᠮᠠᠨ ᠤ ᠣᠷᠣᠨ ᠳᠤ ᠳᠠᠩᠰᠠᠯᠠᠭᠤᠯᠤᠭᠰᠠᠨ ᠲᠣᠮᠣ ᠬᠡᠯᠪᠡᠷᠢ ᠶᠢᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 6 ᠡᠷᠦᠬᠡ ᠪᠠᠶᠢᠵᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ | ᠵᠢᠭᠰᠠᠭᠠᠪᠠ᠃ ᠳᠡᠭᠡᠷᠡᠬᠢ ᠡᠯ᠎ᠡ ᠲᠥᠷᠥᠯ ᠳᠣᠲᠣᠷᠠᠬᠢ ᠳᠠᠪᠬᠤᠷᠳᠠᠭᠰᠠᠨ ᠠᠵᠤ ᠠᠬᠤᠶᠢᠯᠠᠯ ᠢ ᠤᠷᠢᠳ ᠢᠶᠠᠷ ᠡᠮᠦᠨᠡᠬᠢ | ᠲᠥᠷᠥᠯ ᠳᠣᠲᠣᠷ᠎ᠠ ᠢᠯᠡᠷᠡᠭᠦᠯᠦᠭᠰᠡᠨ ᠮᠥᠷᠲᠡᠭᠡᠨ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ ᠬᠦᠨᠳᠦ ᠨᠣᠴᠢᠲᠠᠢ | ᠢᠲᠡᠭᠡᠯ ᠠᠯᠳᠠᠭᠰᠠᠨ ᠠᠵᠤ ᠠᠬᠤᠶᠢᠯᠠᠯ ᠢ ᠪᠠᠭᠲᠠᠭᠠᠭᠰᠠᠨ ᠦᠭᠡᠢ᠃ | ᠡᠳᠦᠭᠡ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠡᠷᠡᠰ︾ ᠢ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ | 2024 ᠣᠨ ᠤ 5 ᠳ᠋ᠤᠭᠠᠷ ᠰᠠᠷ᠎ᠠ ᠶᠢᠨ 11 ᠤ ᠡᠳᠦᠷ ᠠᠴᠠ 5 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ᠃ | ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠬᠤᠪᠢ ᠬᠥᠮᠥᠨ᠂ ᠨᠢᠭᠡᠴᠢ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ | ᠠᠷᠭ᠎ᠠ ᠪᠠᠷ ᠰᠠᠨᠠᠯ ᠰᠠᠨᠠᠭᠤᠯᠭ᠎ᠠ ᠪᠠᠨ ᠲᠤᠰᠬᠠᠵᠤ ᠪᠣᠯᠣᠨ᠎ᠠ᠃ ᠠᠰᠠᠭᠤᠳᠠᠯ ᠢ ᠲᠤᠰᠬᠠᠬᠤ ᠳᠤ ᠪᠠᠨ ᠦᠨᠡᠨ ᠪᠣᠳᠠᠲᠠᠢ | ᠦᠨᠳᠦᠰᠦ ᠪᠠᠷᠢᠮᠲᠠ ᠲᠠᠢ ᠪᠠᠶᠢᠵᠤ᠂ ᠨᠢᠭᠡᠴᠢ ᠶᠢᠨ ᠨᠡᠷ᠎ᠡ ᠪᠠᠷ ᠠᠰᠠᠭᠤᠳᠠᠯ ᠲᠤᠰᠬᠠᠪᠠᠯ᠂ ᠠᠯᠪᠠᠨ ᠲᠠᠮᠠᠭ᠎ᠠ ᠳᠠᠷᠤᠬᠤ | ᠬᠡᠷᠡᠭᠲᠡᠢ︔ ᠬᠤᠪᠢ ᠬᠥᠮᠥᠨ ᠤ ᠨᠡᠷ᠎ᠡ ᠪᠠᠷ ᠠᠰᠠᠭᠤᠳᠠᠯ ᠲᠤᠰᠬᠠᠪᠠᠯ᠂ ᠲᠣᠰ ᠬᠥᠮᠥᠨ ᠤ ᠦᠨᠡᠨ ᠪᠣᠳᠠᠲᠠᠢ ᠣᠪᠣᠭ | ᠨᠡᠷ᠎ᠡ ᠵᠢᠴᠢ ᠬᠦᠴᠦᠨ ᠪᠦᠬᠦᠢ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠪᠠᠨ ᠬᠠᠩᠭᠠᠬᠤ ᠬᠡᠷᠡᠭᠲᠡᠢ᠃ | ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ︾ | ᠵᠢᠴᠢ ᠪᠠᠷᠢᠮᠵᠢᠶ᠎ᠠ ᠳᠤ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳ᠋ᠠᠶᠢᠲ᠋ᠠ ᠶᠢᠨ | ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤ ᠨᠢ ᠬᠥᠳᠡᠯᠦᠩᠭᠦᠢ ᠲᠣᠬᠢᠷᠠᠭᠤᠯᠵᠤ᠂ ᠪᠠᠷᠢᠮᠵᠢᠶ᠎ᠠ ᠳᠤ ᠰᠢᠨ᠎ᠡ ᠪᠠᠷ | ᠬᠦᠷᠦᠭᠰᠡᠨ ᠠᠵᠤ ᠠᠬᠤᠶᠢᠯᠠᠯ ᠢ ᠴᠠᠭ ᠲᠤᠬᠠᠢ ᠳᠤ ᠨᠢ ᠨᠡᠷᠡᠰ ᠲᠤ ᠣᠷᠣᠭᠤᠯᠵᠤ᠂ ᠪᠠᠷᠢᠮᠵᠢᠶ᠎ᠠ ᠠᠴᠠ ᠳᠣᠣᠷ᠎ᠠ ᠠᠵᠤ | ᠠᠬᠤᠶᠢᠯᠠᠯ ᠪᠠ ᠵᠥᠪᠯᠡᠯᠴᠡᠭᠡᠷ ᠶᠣᠰᠣᠭᠠᠷ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠤᠭᠰᠠᠨ ᠦᠭᠡᠢ | ᠭᠤᠣᠯᠳᠠᠯᠭ᠎ᠠ ᠲᠠᠢ ᠪᠣᠶᠢᠵᠢᠭᠤᠯᠬᠤ ᠲᠥᠷᠥᠯ ᠤᠨ ᠠᠵᠤ ᠠᠬᠤᠶᠢᠯᠠᠯ ᠢ ᠨᠡᠷᠡᠰ ᠠᠴᠠ ᠰᠢᠯᠵᠢᠭᠦᠯᠦᠨ ᠭᠠᠷᠭᠠᠨ᠎ᠠ᠃ | ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶᠠᠨ ᠤ ᠶᠡᠷᠦᠩᠬᠡᠶᠢᠯᠡᠭᠰᠡᠨ ᠭᠠᠵᠠᠷ | ᠬᠠᠷᠢᠯᠴᠠᠬᠤ ᠬᠥᠮᠥᠨ ᠵᠢᠴᠢ ᠤᠲᠠᠰᠤ᠄ ᠴᠧᠨ ᠰᠧ ᠵᠧᠩ 0471-6659401 | ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠨᠡᠷᠡᠰ | ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠦᠢᠯᠡᠴᠢᠯᠡᠭᠡᠨ ᠤ ᠲᠣᠪᠴᠢᠶ᠎ᠠ | 2024 ᠣᠨ ᠤ 5 ᠳ᠋ᠤᠭᠠᠷ ᠰᠠᠷ᠎ᠠ ᠶᠢᠨ 11 ᠤ ᠡᠳᠦᠷ | |