ᠮᠠᠨ ᠤ ᠠᠶᠢᠮᠠᠭ 112 ᠭᠠᠴᠠᠭ᠎ᠠ ᠲᠣᠰᠬᠤᠨ ᠳᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠪᠠᠶᠢᠭᠤᠯᠪᠠ
ᠨᠡᠶᠢᠲᠡᠯᠡᠭᠰᠡᠨ ᠴᠠᠭ᠄
2024/6/19

    ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠠᠴᠠᠭ᠎ᠠ ᠲᠣᠰᠬᠤᠨ ᠳᠤ ᠡᠮ ᠡᠮᠨᠡᠯᠭᠡ ᠶᠢᠨ

ᠳᠠᠭᠠᠳᠬᠠᠯ ᠤᠨ ᠦᠢᠯᠡᠴᠢᠯᠡᠭᠡᠨ ᠤ ᠴᠡᠭ ᠪᠠᠶᠢᠭᠤᠯᠬᠤ ᠶᠢ ᠣᠨ ᠤ ᠭᠤᠣᠯᠳᠠᠯᠭ᠎ᠠ ᠲᠠᠢ ᠠᠵᠢᠯ ᠪᠣᠯᠭᠠᠵᠤ᠂ ᠡᠮ

ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠬᠡᠬᠦ ᠡᠵᠢᠯ ᠢ ᠡᠮ ᠡᠮᠨᠡᠯᠭᠡ ᠶᠢᠨ

ᠳᠠᠭᠠᠳᠬᠠᠯ ᠤᠨ ᠴᠡᠭ ᠲᠣᠭᠲᠠᠭᠠᠨ ᠬᠠᠮᠢᠶᠠᠷᠴᠤ ᠪᠠᠶᠢᠭ᠎ᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ

ᠳᠠᠰᠤᠭ ᠲᠤ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ

ᠦᠢᠯᠡᠴᠢᠯᠡᠭᠡᠨ ᠤ ᠴᠡᠭ ᠤᠨ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠦᠭᠦᠮ

ᠦᠵᠡᠭᠦᠯᠬᠦ ᠦᠢᠯᠡᠴᠢᠯᠡᠭᠡᠨ ᠤ ᠲᠣᠭᠤᠷᠢᠭ︾ ᠣᠨ ᠦᠢᠯᠡᠳᠦᠯ ᠢ ᠤᠯᠠᠮ ᠰᠠᠶᠢᠲᠤᠷ ᠪᠠᠳᠠᠷᠠᠭᠤᠯᠵᠤ᠂ ᠳᠠᠭᠠᠳᠬᠠᠯ ᠳᠤ

ᠣᠷᠣᠯᠴᠠᠭᠰᠠᠳ ᠲᠤ ᠨᠡᠩ ᠨᠠᠷᠢᠯᠢᠭ ᠦᠢᠯᠡᠴᠢᠯᠡᠭᠡ ᠬᠠᠩᠭᠠᠪᠠ᠃ 3 ᠰᠠᠷ᠎ᠠ ᠶᠢᠨ 31 ᠤ ᠡᠳᠦᠷ ᠪᠣᠯᠲᠠᠯ᠎ᠠ᠂ ᠮᠠᠨ ᠤ

ᠠᠶᠢᠮᠠᠭ ᠡᠮ ᠡᠮᠨᠡᠯᠭᠡ ᠶᠢᠨ ᠳᠠᠭᠠᠳᠬᠠᠯ ᠤᠨ ᠴᠡᠭ ᠲᠣᠭᠲᠠᠭᠠᠨ ᠬᠠᠮᠢᠶᠠᠷᠴᠤ ᠪᠠᠶᠢᠭ᠎ᠠ ᠭᠠᠴᠠᠭ᠎ᠠ ᠲᠣᠰᠬᠤᠨ ᠤ ᠡᠷᠡᠭᠦᠯ

ᠬᠠᠮᠠᠭᠠᠯᠠᠯ ᠤᠨ ᠳᠠᠰᠤᠭ ᠲᠤ 112 ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ

ᠴᠡᠭ ᠪᠠᠶᠢᠭᠤᠯᠬᠤ ᠡᠭᠦᠷᠭᠡ ᠶᠢ  ᠪᠦᠬᠦᠨ ᠢ ᠪᠡᠶᠡᠯᠡᠭᠦᠯᠪᠡ᠃

    ︽ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠭᠤᠣᠯᠳᠠᠭᠤ

ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ᠂ ᠤᠳᠠᠭᠠᠨ ᠴᠢᠨᠠᠷᠲᠠᠢ ᠡᠪᠡᠳᠴᠢᠨ ᠤ ᠡᠮ

ᠡᠮᠨᠡᠯᠭᠡ ᠶᠢᠨ ᠳᠠᠭᠠᠳᠬᠠᠯ ᠢ ᠰᠢᠭᠤᠳ ᠲᠠᠰᠤᠯᠤᠨ ᠪᠣᠳᠣᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ

ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠡᠮ ᠡᠮᠨᠡᠯᠭᠡ ᠶᠢᠨ ᠳᠠᠭᠠᠳᠬᠠᠯ ᠤᠨ ᠡᠯᠺᠲᠷᠣᠨ ᠭᠡᠷᠡᠴᠢ

ᠪᠠᠷᠢᠮᠲᠠ ᠶᠢ ᠠᠮᠢᠯᠠᠭᠤᠯᠬᠤ᠂ ᠣᠨᠳᠣᠣ ᠭᠠᠵᠠᠷ ᠲᠤ ᠰᠢᠯᠵᠢᠭᠦᠯᠦᠨ ᠡᠮᠨᠡᠭᠦᠯᠦᠭᠰᠡᠳ ᠢ ᠳᠠᠩᠰᠠᠯᠠᠬᠤ᠂ ᠮᠡᠳᠡᠭᠡ ᠵᠠᠩᠭᠢ ᠶᠢ

ᠪᠠᠶᠢᠴᠠᠭᠠᠨ ᠯᠠᠪᠯᠠᠬᠤ ᠵᠢᠴᠢ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠥᠨᠳᠥᠷ ᠳᠠᠪᠲᠠᠮᠵᠢᠲᠤ ᠡᠮ

ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠭᠦᠷᠭᠡᠯᠡᠵᠦ᠂ ᠳᠠᠭᠠᠳᠬᠠᠯ ᠳᠤ ᠣᠷᠣᠯᠴᠠᠭᠰᠠᠳ ᠤᠨ

ᠡᠪᠡᠳᠴᠢᠨ ᠢᠶᠠᠨ ᠦᠵᠡᠭᠦᠯᠬᠦ ᠶᠢᠨ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠳᠠᠮ

ᠭᠦᠢᠴᠡᠳᠬᠡᠬᠦ ᠳᠤ ᠲᠦᠭᠦᠮ ᠦᠵᠡᠭᠦᠯᠪᠡ︾ ᠭᠡᠵᠦ ᠲᠤᠯᠤᠨ ᠨᠤᠤᠷ ᠪᠠᠯᠭᠠᠰᠤᠨ ᠤ ᠪᠧᠢ ᠼᠦᠨ ᠲᠣᠰᠬᠤᠨ ᠤ ᠡᠷᠡᠭᠦᠯ

ᠬᠠᠮᠠᠭᠠᠯᠠᠯ ᠤᠨ ᠲᠠᠰᠤᠭ ᠤᠨ ᠡᠮᠴᠢ  ᠱᠠᠩ ᠶᠠ ᠵᠢᠶᠦ᠋ᠨ ᠲᠠᠨᠢᠯᠴᠠᠭᠤᠯᠪᠠ᠃

    ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠡᠮ ᠡᠮᠨᠡᠯᠭᠡ ᠶᠢᠨ

ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠤᠯᠠᠮ ᠥᠷᠭᠡᠳᠬᠡᠵᠦ᠂ ᠣᠯᠠᠨ

ᠲᠦᠮᠡᠨ ᠤ ᠣᠶᠢᠷ᠎ᠠ ᠬᠠᠪᠢ ᠳᠠᠭᠠᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠭᠠᠷᠳᠠᠮ

ᠭᠦᠢᠴᠡᠳᠬᠡᠬᠦ ᠪᠠ ᠲᠥᠷᠥ ᠶᠢᠨ ᠪᠣᠳᠣᠯᠭ᠎ᠠ ᠶᠢᠨ ᠯᠠᠪᠯᠠᠯᠳᠠ ᠬᠢᠬᠦ ᠶᠢ ᠪᠡᠶᠡᠯᠡᠭᠦᠯᠪᠡ᠃ ᠣᠶᠢᠷ᠎ᠠ ᠬᠠᠪᠢ ᠳᠤᠨᠢ

ᠭᠦᠢᠴᠡᠳᠬᠡᠬᠦ᠂ ᠬᠠᠪᠰᠤᠷᠤᠨ ᠣᠷᠣᠯᠠᠨ  ᠭᠦᠢᠴᠡᠳᠬᠡᠬᠦ᠂ ᠭᠡᠷ ᠲᠤ   ᠨᠢ  ᠬᠦᠷᠴᠦ ᠭᠦᠢᠴᠡᠳᠬᠡᠬᠦ᠂ ᠤᠲᠠᠰᠤ ᠪᠠᠷ

ᠭᠦᠢᠴᠡᠳᠬᠡᠬᠦ ᠵᠠᠭᠪᠤᠷ ᠢᠶᠠᠷ ᠳᠠᠮᠵᠢᠭᠤᠯᠤᠨ᠂  ᠨᠠᠰᠤᠲᠠᠶᠢᠴᠤᠳ᠂ ᠵᠡᠮᠳᠡᠭᠴᠦᠳ᠂ ᠲᠠᠷᠠᠬᠠᠢ ᠪᠤᠲᠠᠷᠬᠠᠢ ᠰᠠᠭᠤᠷᠢᠰᠢᠵᠤ

ᠪᠠᠶᠢᠭ᠎ᠠ ᠮᠠᠯᠴᠢᠨ ᠲᠠᠷᠢᠶᠠᠴᠢᠨ ᠤ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠪᠡ᠃

    ᠭᠠᠴᠠᠭ᠎ᠠ ᠲᠣᠰᠬᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠨᠢ ᠣᠯᠠᠨ ᠲᠦᠮᠡᠨ ᠤ

ᠳᠤᠮᠳᠠ ᠬᠠᠮᠤᠭ ᠤᠨ ᠭᠦᠨᠵᠡᠭᠡᠶᠢᠷᠡᠭᠰᠡᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠡᠳᠦᠷ ᠲᠤᠳᠤᠮ ᠤᠨ ᠡᠪᠡᠳᠴᠢᠨ

ᠦᠵᠡᠬᠦ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠦᠬᠦᠢ

ᠲᠤᠬᠠᠶᠢᠯᠠᠭᠰᠠᠨ ᠠᠵᠢᠯ ᠢ ᠰᠠᠶᠢᠲᠤᠷ ᠡᠷᠭᠢᠯᠡᠵᠦ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠤ ᠡᠮ

ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠭᠠᠷᠲᠠᠨ  ᠭᠦᠢᠴᠡᠳᠬᠡᠬᠦ ᠦᠢᠯᠡᠴᠢᠯᠡᠭᠡ᠂ ᠡᠮ ᠡᠮᠨᠡᠯᠭᠡ ᠶᠢᠨ

ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠬᠦ ᠵᠡᠷᠭᠡ ᠤᠬᠠᠭᠤᠯᠭ᠎ᠠ ᠶᠢᠨ ᠦᠢᠯᠡᠴᠢᠯᠡᠭᠡ ᠬᠠᠩᠭᠠᠵᠤ

 ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ

ᠳᠡᠭᠡᠭᠰᠢᠯᠡᠭᠦᠯᠦᠨ᠂ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠳᠦᠭᠦᠮ ᠦᠵᠡᠭᠦᠯᠬᠦ

ᠦᠢᠯᠡᠴᠢᠯᠡᠭᠡᠨ ᠤ ᠲᠣᠭᠤᠷᠢᠭ︾ ᠣᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠲᠤᠶᠢᠯᠪᠤᠷᠢᠲᠠᠢ

ᠥᠷᠨᠢᠭᠦᠯᠬᠦ ᠶᠢ ᠦᠨᠡᠨ ᠬᠦ ᠪᠡᠶᠡᠯᠡᠭᠦᠯᠪᠡ᠃

 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号