ᠬᠢᠨᠠᠨ ᠪᠣᠳᠣᠬᠤ ᠲᠣᠪᠴᠢᠶ᠎ᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠪᠠ
ᠨᠡᠶᠢᠲᠡᠯᠡᠭᠰᠡᠨ ᠴᠠᠭ᠄
2024/6/20

    ᠬᠢᠨᠠᠨ ᠪᠣᠳᠣᠬᠤ ᠬᠦᠷᠢᠶ᠎ᠡ ᠬᠡᠪᠴᠢᠶᠡᠨ ᠤ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ

ᠴᠢᠩᠭᠠᠳᠬᠠᠬᠤ ᠶᠢᠨ ᠲᠥᠯᠥᠭᠡ᠂ ᠬᠠᠮᠢᠶᠠᠷᠤᠯᠲᠠ ᠶᠢᠨ ᠣᠷᠣᠨ ᠤ ᠬᠢᠨᠠᠨ ᠪᠣᠳᠣᠬᠤ ᠲᠣᠪᠴᠢᠶ᠎ᠠ ︽ᠢᠲᠡᠭᠡᠮᠵᠢ ᠶᠢᠨ

ᠬᠢᠨᠠᠨ ᠪᠣᠳᠣᠯᠲᠠ︾  ᠪᠠᠷ  ᠵᠣᠷᠢᠯᠭ᠎ᠠ ᠪᠠᠨ ᠪᠣᠯᠭᠠᠵᠣ᠂ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ

ᠪᠣᠯᠣᠨ ᠬᠢᠨᠠᠨ ᠪᠣᠳᠣᠬᠤ ᠲᠤᠬᠠᠶᠢᠯᠠᠭᠰᠠᠨ ᠠᠵᠢᠯ ᠢ ᠠᠳᠠᠯᠢ ᠴᠢᠭᠯᠡᠯ ᠢᠶᠠᠷ ᠠᠭᠤᠰᠤᠯᠴᠠᠭᠤᠯᠬᠤ ᠶᠢ ᠪᠠᠷᠢᠮᠲᠠᠯᠠᠵᠤ᠂

ᠣᠨᠣᠪᠴᠢᠳᠠᠢ ᠪᠠᠷ ᠪᠠᠶᠢᠷᠢ ᠲᠣᠭᠲᠠᠭᠠᠯᠲᠠ ᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠨᠠᠨ ᠪᠣᠳᠣᠯᠲᠠ ᠶᠢᠨ

ᠬᠢᠨᠠᠯᠲᠠ ᠲᠠᠯᠪᠢᠬᠤ ᠨᠡᠶᠢᠳᠡ ᠶᠢᠨ ᠢᠲᠡᠭᠡᠮᠵᠢ ᠶᠢᠨ ᠬᠦᠴᠦᠨ ᠢ ᠳᠠᠰᠣᠷᠠᠯᠳᠠ ᠦᠭᠡᠢ ᠳᠡᠭᠡᠭᠰᠢᠯᠡᠬᠦᠯᠵᠣ᠂ ᠬᠠᠤᠯᠢ

ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠴᠢᠨᠠᠷ ᠰᠠᠶᠢᠲᠠᠢ᠂ ᠥᠨᠳᠥᠷ ᠪᠦᠳᠦᠮᠵᠢᠳᠡᠢ᠂ ᠠᠷᠢᠭᠤᠨ

ᠴᠢᠬᠡᠴᠢ ᠪᠠᠷ ᠵᠠᠰᠠᠭ ᠪᠠᠷᠢᠬᠤ ᠬᠢᠨᠠᠨ ᠪᠣᠳᠣᠬᠤ ᠠᠵᠢᠯ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠵᠣ᠂

ᠬᠠᠮᠢᠶᠠᠷᠤᠯᠲᠠ ᠶᠢᠨ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠶᠡᠭᠡ

ᠲᠠᠯ᠎ᠠ ᠳᠤ ᠡᠷᠴᠢᠮᠲᠡᠢ ᠦᠢᠯᠡᠴᠢᠯᠡᠪᠡ᠃

    ᠨᠢᠭᠡ ᠳᠤ ᠬᠢᠨᠠᠨ ᠪᠤᠳᠤᠬᠤ ᠠᠵᠢᠯ ᠲᠠᠢ ᠤᠶᠠᠯᠳᠤᠭᠤᠯᠤᠨ᠂ ᠢᠲᠡᠭᠡᠮᠵᠢ ᠶᠢᠨ ᠠᠮᠠᠯᠠᠯᠲᠠ ᠶᠢ

ᠨᠠᠶᠢᠳᠠᠪᠤᠷᠢᠵᠢᠭᠤᠯᠤᠨ᠎ᠠ᠃ ᠬᠢᠨᠠᠨ ᠪᠤᠳᠤᠬᠤ ᠲᠥᠷᠥᠯ ᠵᠦᠢᠯ ᠤᠨ ᠬᠠᠮᠢᠶᠠᠷᠤᠯᠲᠠ ᠳᠤᠮᠳᠠ ᠢᠲᠡᠭᠡᠮᠵᠢ ᠶᠢᠨ

ᠠᠮᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠶ ᠪᠦᠬᠦᠢ ᠬᠢᠨᠠᠨ ᠪᠤᠳᠤᠬᠤ ᠲᠥᠷᠥᠯ ᠵᠦᠢᠯ ᠨᠢ

ᠴᠥᠮ ᠬᠢᠨᠠᠨ ᠪᠤᠳᠤᠭᠳᠠᠵᠦ ᠪᠠᠶᠢᠭ᠎ᠠ ᠨᠢᠭᠡᠴᠢ ᠪᠠ ᠬᠢᠨᠠᠨ ᠪᠤᠳᠤᠭᠳᠠᠵᠦ ᠪᠠᠶᠢᠭ᠎ᠠ ᠡᠲᠡᠭᠡᠳ ᠤᠨ ᠢᠲᠡᠭᠡᠮᠵᠢ ᠶᠢᠨ

ᠪᠢᠴᠢᠭ ᠤᠨ ᠠᠮᠠᠯᠠᠯᠲᠠ ᠬᠢᠬᠦ ᠶᠢ ᠱᠠᠭᠠᠷᠳᠠᠵᠤ᠂ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ

ᠪᠦᠲᠦᠨ ᠴᠢᠨᠠᠷ ᠲᠤ ᠠᠮᠠᠯᠠᠯᠲᠠ ᠬᠢᠵᠦ᠂ ᠠᠮᠠᠯᠠᠯᠲᠠ ᠠᠴᠠ ᠵᠥᠷᠢᠴᠡᠨ᠂ ᠬᠢᠨᠠᠨ ᠪᠤᠳᠤᠭᠰᠠᠨ ᠳ᠋ᠦᠩᠨᠡᠯᠲᠡ ᠶᠢ

ᠨᠥᠯᠥᠭᠡᠯᠡᠵᠦ᠂ ᠬᠢᠨᠠᠨ ᠪᠤᠳᠤᠬᠤ ᠠᠶᠤᠯ ᠲᠦᠭᠰᠢᠭᠦᠷᠢ ᠭᠠᠷᠤᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠶᠢᠨ

ᠦᠷ᠎ᠡ ᠳ᠋ᠦᠩ ᠪᠠ ᠬᠠᠷᠢᠭᠤᠴᠠᠯᠭ᠎ᠠ ᠶᠢ ᠡᠭᠦᠷᠭᠡᠯᠡᠬᠦ ᠪᠣᠯᠣᠨ᠎ᠠ᠃ ᠡᠭᠦᠨ ᠤ ᠬᠠᠮᠲᠤ᠂ ᠬᠢᠨᠠᠨ ᠪᠤᠳᠤᠬᠤ ᠳᠤᠭᠤᠶᠢᠯᠠᠩ ᠤᠨ

ᠪᠦᠷᠢᠯᠳᠦᠭᠦᠨ ᠴᠦ ᠬᠢᠨᠠᠬᠤ ᠠᠴᠠ ᠡᠮᠦᠨᠡᠬᠢ ᠶᠠᠷᠢᠯᠴᠠᠭ᠎ᠠ ᠬᠥᠮᠦᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂

ᠬᠢᠨᠠᠨ ᠪᠤᠳᠤᠬᠤ ᠠᠯᠪᠠᠨ ᠵᠠᠷ ᠨᠡᠶᠢᠲᠡᠯᠡᠬᠦ  ᠵᠡᠷᠭᠡ ᠠᠭᠤᠯᠭ᠎ᠠ ᠶᠢ ᠨᠠᠷᠢᠨ  ᠬᠢᠨᠠᠮᠠᠭᠠᠢ ᠨᠠᠶᠢᠳᠠᠪᠤᠷᠢᠵᠢᠭᠤᠯᠵᠤ᠂ ᠬᠢᠨᠠᠨ

ᠪᠤᠳᠤᠬᠤ ᠶᠠᠪᠤᠴᠠ ᠳᠤ ᠬᠢᠨᠠᠨ ᠪᠤᠳᠤᠬᠤ ︽ᠨᠠᠢᠮᠠ ᠶᠢ ᠪᠣᠯᠬᠤ ᠦᠭᠡᠢ︾ ᠵᠡᠷᠭᠡ ᠠᠵᠢᠯ ᠤᠨ ᠰᠠᠬᠢᠯᠭ᠎ᠠ ᠪᠠᠲᠤ ᠶᠢ

ᠴᠢᠩᠭ᠎ᠠ ᠬᠡᠷᠡᠭᠵᠢᠭᠦᠯᠪᠡ᠃

    ᠬᠤᠶᠠᠷ ᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠢᠩᠳᠠᠯᠠᠵᠤ᠂ ᠬᠢᠨᠠᠨ ᠪᠣᠳᠣᠯᠲᠠ ᠶᠢᠨ

ᠬᠢᠨᠠᠯᠲᠠ ᠶᠢ ᠪᠣᠳᠠᠲᠠᠢ ᠠᠳᠬᠤᠪᠠ᠃  ᠬᠠᠤᠯᠢ  ᠶᠣᠰᠣᠭᠠᠷ ᠬᠢᠨᠠᠨ ᠪᠤᠳᠤᠬᠤ᠂ ᠦᠨᠡᠨᠴᠢ ᠢᠲᠡᠭᠡᠮᠵᠢᠲᠡᠢ ᠪᠠᠷ ᠬᠢᠨᠠᠨ

ᠪᠤᠳᠤᠬᠤ ᠶᠢ ᠪᠠᠷᠢᠮᠲᠠᠯᠠᠵᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠦᠭᠡᠢ ᠪᠠᠶᠢᠵᠤ᠂ ᠡᠯ᠎ᠡ ᠵᠦᠢᠯ ᠤᠨ ᠬᠢᠨᠠᠨ

ᠪᠤᠳᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠪᠴᠢᠶ᠎ᠠ ᠶᠢᠨ ᠨᠠᠮ ᠤᠨ ᠤᠳᠤᠷᠢᠳᠬᠤ

ᠳᠤᠭᠤᠶᠢᠯᠠᠩ ᠤᠨ ᠪᠦᠷᠢᠯᠳᠦᠭᠦᠨ ᠡᠭᠡᠯᠵᠢᠯᠡᠨ ᠨᠠᠮ ᠤᠨ ᠬᠢᠴᠢᠶᠡᠯ ᠣᠷᠣᠵᠤ᠂ ᠬᠢᠨᠠᠨ ᠪᠤᠳᠤᠬᠤ ᠺᠠᠳ᠋ᠷ ᠢ ᠬᠥᠲᠥᠯᠥᠨ

ᠵᠢᠯᠤᠭᠤᠳᠴᠤ ᠪᠠᠶᠢᠭᠠᠳ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂

ᠦᠶᠯᠡ ᠠᠵᠢᠯᠯᠠᠭ᠎ᠠ ᠶᠢᠨ ᠵᠢᠷᠤᠮᠵᠢᠯ ᠢ ᠲᠣᠳᠣᠷᠬᠠᠶᠢᠯᠠᠨ᠂ ᠠᠷᠢᠭᠤᠨ ᠴᠢᠬᠡᠴᠢ ᠪᠠᠷ ᠵᠠᠰᠠᠭ  ᠪᠠᠷᠢᠬᠤ  ᠠᠶᠤᠯ  

ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠪᠡ᠃ ᠡᠭᠦᠨ ᠤ ᠬᠠᠮᠲᠤ᠂ ᠢᠲᠡᠭᠡᠮᠵᠢ ᠶᠢᠨ ᠪᠠᠶᠢᠭᠤᠯᠤᠯᠲᠠ ᠶᠢ ᠬᠢᠨᠠᠨ

ᠪᠤᠳᠤᠬᠤ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠣᠷᠣᠭᠤᠯᠵᠤ᠂ ᠢᠲᠡᠭᠡᠮᠵᠢ ᠶᠢᠨ ᠰᠢᠰᠲ᠋ᠧᠮ ᠤᠨ

ᠪᠠᠶᠢᠭᠤᠯᠤᠯᠲᠠ ᠪᠠᠷ ᠬᠠᠤᠯᠢ ᠶᠣᠰᠣᠭᠠᠷ ᠬᠢᠨᠠᠨ ᠪᠤᠳᠤᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ

ᠠᠬᠢᠭᠤᠯᠵᠤ᠂ ᠬᠠᠤᠯᠢ ᠶᠣᠰᠣᠭᠠᠷ ᠬᠢᠨᠠᠨ ᠪᠤᠳᠤᠬᠤ ᠪᠠᠷ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠣᠳᠠᠲᠤ

ᠦᠷ᠎ᠡ ᠪᠦᠲᠦᠮᠵᠢ ᠶᠢ ᠪᠠᠲᠤᠯᠠᠵᠤ᠂ ᠬᠤᠶᠠᠷ ᠢ ᠠᠬᠢᠭᠤᠯᠵᠤ᠂ ᠬᠤᠶᠠᠷ ᠢ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号