ᠪᠡᠭᠡᠵᠢᠩ ᠤᠨ ᠴᠠᠭ ᠢᠶᠠᠷ 6 ᠳ᠋ᠤᠭᠠᠷ ᠰᠠᠷ᠎ᠠ ᠶᠢᠨ 12 ᠤᠨ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ ᠬᠥᠭᠵᠢᠯᠲᠡ ᠶᠢᠨ ᠬᠤᠷᠠᠯ ᠪᠠᠶᠢᠭᠤᠯᠤᠭᠳᠠᠭᠰᠠᠨ 60 | ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠸᠢᠳᠢᠤ᠋ ᠪᠠᠷ ᠪᠠᠶᠠᠷ ᠤᠨ ᠦᠭᠡ ᠬᠡᠯᠡᠪᠡ᠃ | ᠰᠸᠢᠰ ᠤᠨ ᠵᠧᠨ᠋ᠸᠧᠠ ᠳᠤ ᠶᠠᠪᠤᠭᠳᠠᠭᠰᠠᠨ ᠡᠨᠡ ᠬᠦ ᠡᠬᠢᠯᠡᠯᠲᠡ ᠶᠢᠨ ᠶᠣᠰᠣᠯᠠᠯ ᠳᠡᠭᠡᠷ᠎ᠡ᠂ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠤᠳᠧᠷᠷᠧᠱᠢ᠂ ᠠᠷᠠᠯᠵᠢᠶ᠎ᠠ ᠬᠥᠭᠵᠢᠯᠲᠡ ᠶᠢᠨ ᠬᠤᠷᠠᠯ ᠤᠨ | ᠨᠠᠷᠢᠨ ᠪᠢᠴᠢᠭ ᠤᠨ ᠳᠠᠷᠤᠭ᠎ᠠ ᠭᠧᠷᠢᠰᠫᠠᠨ᠂ ᠺᠣᠮᠣᠷᠤ᠋ ᠶᠢᠨ ᠶᠡᠷᠦᠩᠬᠡᠶᠢᠯᠡᠭᠴᠢ ᠠᠽᠯᠢ᠂ ᠮᠠᠳᠠᠭᠠᠰᠺᠠᠷ ᠤᠨ ᠶᠡᠷᠦᠩᠬᠡᠶᠢᠯᠡᠭᠴᠢ | ᠷᠠᠵᠤᠸ᠋ᠯᠢᠨᠠ᠂ ᠵᠡᠭᠦᠨ ᠲᠢᠮᠦᠷ ᠤᠨ ᠶᠡᠷᠦᠩᠬᠡᠢ ᠰᠠᠶᠢᠳ ᠰᠢᠶᠠᠨᠠᠨᠠ ᠵᠡᠷᠭᠡ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠭᠴᠢᠳ᠂ ᠭᠠᠳᠠᠭᠠᠳᠤ ᠶᠢᠨ ᠤᠯᠤᠰ ᠲᠥᠷᠥ ᠶᠢᠨ ᠬᠥᠮᠥᠰ ᠬᠢᠭᠡᠳ ᠲᠤᠰᠬᠠᠢ ᠮᠡᠷᠭᠡᠵᠢᠯᠲᠡᠳ ᠡᠷᠳᠡᠮᠲᠡᠳ | ᠴᠤᠭᠯᠠᠷᠠᠨ᠂ ᠪᠦᠬᠦ ᠪᠥᠮᠪᠥᠷᠴᠡᠭ ᠤᠨ ᠠᠷᠠᠯᠵᠢᠶ᠎ᠠ ᠪᠠ ᠬᠥᠭᠵᠢᠯᠲᠡ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠢ | ᠠᠷᠭᠠᠴᠠᠭᠠᠬᠤ ᠪᠠᠷ ᠰᠤᠳᠤᠯᠤᠨ ᠶᠠᠷᠢᠯᠴᠠᠵᠠᠢ᠃ | ︽ᠬᠤᠪᠢᠷᠠᠯᠲᠠ ᠳᠤᠮᠳᠠᠬᠢ ᠳᠡᠯᠡᠬᠡᠢ ᠳᠤ ᠬᠥᠭᠵᠢᠯᠲᠡ ᠶᠢᠨ ᠰᠢᠨ᠎ᠡ ᠱᠤᠭᠤᠮ ᠢ ᠵᠢᠷᠤᠭᠯᠠᠬᠤ︾ ᠪᠣᠯ ᠡᠨᠡ ᠬᠦ ︽ᠪᠦᠬᠦ | ᠪᠥᠮᠪᠥᠷᠴᠡᠭ ᠤᠨ ᠤᠳᠤᠷᠢᠳᠬᠤ ᠬᠥᠮᠥᠰ ᠤᠨ ᠶᠠᠷᠢᠶᠠᠨ ᠤ ᠲᠠᠪᠴᠠᠩ︾ ᠤᠨ ᠭᠤᠣᠯ ᠰᠡᠳᠦᠪ ᠪᠣᠯᠣᠨ᠎ᠠ᠃ | ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠤᠨ ᠬᠤᠪᠢᠰᠤᠯᠲᠠ ᠲᠦᠷᠭᠡᠰᠴᠦ᠂ ᠬᠥᠮᠥᠨ ᠲᠥᠷᠥᠯᠬᠢᠲᠡᠨ ᠤ | ᠨᠠᠶᠢᠷᠠᠮᠳᠠᠯ ᠪᠠ ᠬᠥᠭᠵᠢᠯᠲᠡ ᠶᠢᠨ ᠦᠢᠯᠡᠰ ᠲᠤ ᠰᠢᠨ᠎ᠡ ᠬᠦᠨᠳᠦ ᠬᠡᠴᠡᠭᠦᠦ ᠥᠷᠢᠰᠦᠯᠳᠦᠭᠡᠨ ᠲᠤᠯᠭᠠᠷᠠᠵᠤ ᠪᠠᠶᠢᠨ᠎ᠠ᠃ | ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠬᠡᠷᠬᠢᠨ ᠢᠯᠠᠨ ᠳᠠᠪᠠᠭᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ | ᠪᠦᠬᠦ ᠪᠥᠮᠪᠥᠷᠴᠡᠭ ᠤᠨ ᠬᠠᠮᠤᠭ ᠤᠨ ᠶᠡᠭᠡ ᠬᠥᠭᠵᠢᠵᠦ ᠪᠠᠶᠢᠭ᠎ᠠ ᠤᠯᠤᠰ ᠤᠨ ᠤᠳᠤᠷᠢᠳᠤᠭᠴᠢ ᠪᠣᠯᠤᠭᠰᠠᠨ ᠤ ᠬᠤᠪᠢ ᠳᠤ᠂ | ᠲᠡᠷᠢᠭᠦᠯᠡᠭᠴᠢ ᠰᠢ ᠶᠢᠨ ᠫᠢᠩ ᠪᠠᠶᠠᠷ ᠤᠨ ᠦᠭᠡᠨ ᠳᠤ ᠪᠠᠨ ᠲᠡᠦᠬᠡ ᠪᠠᠨ ᠡᠷᠭᠢᠴᠡᠭᠦᠯᠵᠦ᠂ ᠤᠷᠢᠶᠠᠯᠠᠭ᠎ᠠ ᠭᠠᠷᠭᠠᠨ᠂ | ᠢᠷᠡᠭᠡᠳᠦᠢ ᠪᠠᠨ ᠲᠥᠯᠥᠪᠯᠡᠵᠦ᠂ ᠡᠯ᠎ᠡ ᠲᠠᠯ᠎ᠠ ᠶᠢᠨ ᠬᠢᠨ ᠳᠤ ᠤᠷᠪᠠᠭᠠᠨ ᠬᠥᠷᠪᠡᠭᠡᠨ ᠲᠠᠢ ᠳᠡᠯᠡᠬᠡᠢ ᠳ᠋ᠠᠬᠢᠨ ᠤ ᠪᠦᠬᠦ | ᠪᠥᠮᠪᠥᠷᠴᠡᠭ ᠤᠨ ᠬᠥᠭᠵᠢᠯᠲᠡ ᠶᠢᠨ ᠦᠢᠯᠡᠰ ᠢ ᠠᠬᠢᠭᠤᠯᠬᠤ ᠳᠤ ᠳᠤᠮᠳᠠᠳᠤ ᠤᠯᠤᠰ ᠤᠨ ᠲᠥᠰᠥᠯ ᠢ ᠬᠠᠷᠠᠭᠤᠯᠪᠠ — | ᠨᠢᠭᠡᠳᠦᠭᠡᠷ ᠲᠤ᠂ ᠨᠠᠶᠢᠷᠠᠮᠳᠠᠯᠲᠤ ᠳᠡᠯᠡᠬᠡᠢ ᠶᠢᠨ ᠣᠷᠴᠢᠨ ᠢ ᠪᠤᠢ ᠪᠣᠯᠭᠠᠬᠤ ᠬᠡᠷᠡᠭᠲᠡᠢ᠃ | ᠨᠠᠶᠢᠷᠠᠮᠳᠠᠯ ᠪᠣᠯ ᠬᠥᠭᠵᠢᠯᠲᠡ ᠶᠢᠨ ᠤᠷᠢᠲᠠᠯ ᠪᠠ ᠰᠠᠭᠤᠷᠢ ᠮᠥᠨ ᠭᠡᠳᠡᠭ ᠢ ᠲᠡᠦᠬᠡ ᠳᠠᠬᠢᠨ ᠳᠠᠪᠲᠠᠨ | ᠲᠣᠳᠣᠷᠬᠠᠶᠢᠯᠠᠪᠠ᠃ ᠭᠠᠭᠴᠠ ᠬᠦ ᠣᠯᠠᠨ ᠢᠶᠠᠷ ᠢᠶᠠᠨ ᠨᠠᠶᠢᠷᠠᠮᠳᠠᠯ ᠢᠶᠠᠨ ᠬᠠᠮᠠᠭᠠᠯᠠᠵᠤ᠂ ᠨᠠᠶᠢᠷᠠᠮᠳᠠᠯ ᠢᠶᠠᠷ ᠬᠥᠭᠵᠢᠬᠦ ᠵᠠᠮ ᠢᠶᠠᠷ | ᠬᠠᠮᠲᠤ ᠪᠠᠷ ᠵᠠᠮᠨᠠᠪᠠᠯ ᠰᠠᠶ᠋ᠢ ᠨᠠᠶᠢᠷᠠᠮᠳᠠᠯᠲᠤ ᠣᠷᠴᠢᠨ ᠲᠣᠭᠤᠷᠢᠨ ᠢᠶᠠᠨ ᠪᠠᠲᠤᠯᠠᠵᠤ᠂ ᠳᠡᠯᠡᠬᠡᠢ ᠨᠠᠶᠢᠲᠠ ᠪᠠᠷ ᠢᠶᠠᠨ | ᠬᠥᠭᠵᠢᠯᠲᠡ ᠶᠢᠨ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ ᠴᠢᠳᠠᠨ᠎ᠠ᠃ | ᠣᠶᠢᠷ᠎ᠠ ᠶᠢᠨ ᠵᠢᠯ ᠤᠳ ᠲᠤ᠂ ᠣᠨᠴᠠ ᠵᠠᠷᠢᠮ ᠤᠯᠤᠰ ᠨᠢ ᠤᠯᠤᠰ ᠲᠥᠷᠥ ᠶᠢᠨ ᠥᠷᠢᠰᠦᠯᠳᠦᠭᠡᠨ ᠢ ᠡᠷᠢᠯᠬᠢᠯᠡᠨ᠂ | ᠠᠷᠠᠯᠵᠢᠶᠠᠨ ᠤ ᠬᠤᠷᠢᠭ᠎ᠠ ᠰᠠᠭᠠᠳ ᠢ ᠬᠤᠷᠴᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠰᠢᠭ ᠲᠤᠰᠠ ᠶᠢ ᠬᠦᠨᠳᠦ | ᠨᠣᠴᠢᠲᠠᠢ ᠬᠤᠬᠢᠷᠠᠭᠤᠯᠪᠠ᠃ ᠳᠡᠯᠡᠬᠡᠢ ᠶᠢᠷᠲᠢᠨᠴᠦ ᠬᠠᠭᠠᠴᠠᠯ ᠡᠰᠡᠷᠭᠦᠴᠡᠯᠳᠦᠯ ᠢ ᠳᠠᠭᠠᠭᠠᠵᠤ ᠳᠡᠶᠢᠯᠬᠦ ᠦᠭᠡᠢ ᠶᠤᠮ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦᠶᠢᠴᠡ ᠬᠥᠭᠵᠢᠯᠲᠡ ᠶᠢᠨ ᠬᠠᠷᠠᠯᠲᠠ ᠶᠢ | ᠭᠠᠭᠴᠠ ᠬᠦ ᠡᠶ᠎ᠡ ᠨᠠᠶᠢᠷᠠᠮᠳᠠᠯᠲᠤ ᠠᠮᠤᠷ ᠲᠦᠪᠰᠢᠨ ᠣᠷᠴᠢᠨ ᠲᠣᠭᠤᠷᠢᠨ ᠳᠤ ᠰᠠᠶ᠋ᠢ ᠪᠦᠲᠦᠮᠵᠢᠲᠡᠢ ᠨᠠᠶᠢᠳᠠᠪᠤᠷᠢᠵᠢᠭᠤᠯᠵᠤ | ᠴᠢᠳᠠᠨ᠎ᠠ᠃ | ︽ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ︾ ︽ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ | ᠲᠤᠶᠢᠯᠵᠢᠯ ᠢ ᠰᠠᠨᠠᠭᠠᠴᠢᠯᠠᠬᠤ︾ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ | ᠪᠠ ᠵᠠᠷᠴᠢᠮ ᠢ ᠬᠢᠴᠢᠶᠡᠩᠭᠦᠶᠢᠯᠡᠨ ᠵᠢᠷᠤᠮᠯᠠᠬᠤ︾ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠷᠠᠯᠵᠢᠶ᠎ᠠ ᠪᠠ | ᠬᠥᠭᠵᠢᠯᠲᠡ ᠶᠢ ᠳᠡᠮᠵᠢᠬᠦ ᠬᠤᠷᠠᠯ ᠵᠡᠷᠭᠡ ᠤᠯᠠᠨ ᠲᠠᠯᠠᠲᠤ ᠪᠠᠶᠢᠭᠤᠯᠤᠮᠵᠢ ᠨᠤᠭᠤᠳ ᠤᠨ ᠦᠢᠯᠡᠳᠦᠯ ᠢᠶᠠᠨ ᠨᠡᠩ ᠰᠠᠶᠢᠲᠤᠷ | ᠪᠠᠳᠠᠷᠠᠭᠤᠯᠬᠤ ᠶᠢ ᠳᠡᠮᠵᠢᠬᠦ︾ ᠁ ᠲᠡᠷᠢᠭᠦᠯᠡᠭᠴᠢ ᠰᠢ ᠶᠢᠨ ᠫᠢᠩ ᠤᠨ ᠪᠠᠶᠠᠷ ᠤᠨ ᠦᠭᠡ ᠨᠢ ᠥᠷᠭᠡᠨ ᠤᠯᠠᠨ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤ ᠶᠢᠨ ᠰᠡᠳᠬᠢᠯ ᠤᠨ ᠳᠠᠭᠤᠨ ᠢ ᠲᠤᠰᠬᠠᠵᠤ᠂ ᠳᠤᠮᠳᠠᠳᠤ ᠤᠯᠤᠰ ᠡᠷᠡᠰ ᠪᠠᠲᠤ ᠪᠠᠷ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠵᠤ᠂ ᠲᠡᠦᠬᠡᠨ ᠵᠥᠪ ᠲᠠᠯ᠎ᠠ ᠳᠤ ᠪᠠᠶᠢᠬᠤ ᠶᠢ | ᠲᠣᠳᠣᠷᠬᠠᠢ ᠬᠠᠷᠠᠭᠤᠯᠵᠤ ᠪᠠᠶᠢᠨ᠎ᠠ᠃ | ᠬᠤᠶᠠᠳᠤᠭᠠᠷ ᠲᠤ᠂ ᠨᠡᠭᠡᠭᠡᠯᠲᠡᠲᠤ ᠬᠥᠭᠵᠢᠯᠲᠡ ᠶᠢᠨ ᠴᠠᠭ ᠦᠶ᠎ᠡ ᠶᠢᠨ ᠤᠷᠤᠰᠬᠠᠯ ᠢ ᠳᠠᠭᠠᠬᠤ ᠬᠡᠷᠡᠭᠲᠡᠢ᠃ | ᠲᠡᠷᠢᠭᠦᠯᠡᠭᠴᠢ ᠰᠢ ᠶᠢᠨ ᠫᠢᠩ ᠥᠩᠭᠡᠷᠡᠭᠰᠡᠨ ᠳᠤ ︽ᠨᠡᠭᠡᠭᠡᠯᠲᠡ ᠨᠢ ᠳᠠᠪᠰᠢᠯᠲᠠ ᠶᠢ ᠠᠪᠴᠢᠷᠠᠵᠤ᠂ ᠪᠢᠲᠡᠭᠦᠮᠵᠢᠯᠡᠯ ᠨᠢ | ᠵᠠᠶᠢᠯᠠᠰᠢ ᠦᠭᠡᠢ ᠬᠤᠴᠣᠷᠤᠭᠤᠯᠤᠨᠠ︾ ︽ᠠᠵᠤ ᠠᠬᠤᠢ ᠶᠢᠨ ᠳᠡᠯᠡᠬᠡᠶᠢᠵᠢᠯᠲᠡ ᠪᠣᠯ ᠴᠠᠭ ᠦᠶ᠎ᠡ ᠶᠢᠨ ᠤᠷᠤᠰᠬᠠᠯ ᠮᠥᠨ᠃ | ᠶᠡᠭᠡ ᠮᠥᠷᠡᠨ ᠲᠠᠩᠭᠢᠰ ᠢ ᠴᠢᠭᠯᠡᠨ ᠤᠷᠤᠰᠬᠤ ᠳᠤ ᠰᠥᠷᠭᠡᠦ ᠤᠷᠤᠰᠬᠠᠯ ᠤᠨ ᠤᠴᠠᠷᠠᠯ ᠠᠴᠠ ᠵᠠᠶᠢᠯᠵᠤ ᠴᠢᠳᠠᠬᠤ ᠦᠭᠡᠢ᠂ | ᠭᠡᠪᠡᠴᠦ ᠠᠯᠢᠪᠠ ᠰᠥᠷᠭᠡᠦ ᠤᠷᠤᠰᠬᠠᠯ ᠪᠦᠷ ᠶᠡᠭᠡ ᠮᠥᠷᠡᠨ ᠤ ᠳᠠᠯᠠᠢ ᠳᠤ ᠴᠢᠳᠬᠤᠬᠤ ᠶᠢ ᠬᠤᠷᠢᠭᠯᠠᠵᠤ ᠳᠡᠶᠢᠯᠬᠦ ᠦᠭᠡᠢ | ᠶᠤᠮ︾ ᠭᠡᠵᠦ ᠵᠢᠭᠠᠵᠤ ᠭᠠᠷᠭᠠᠪᠠ᠃ | ᠣᠳᠣᠬᠠᠨ ᠳᠤ᠂ ᠠᠵᠤ ᠠᠬᠤᠢ ᠶᠢᠨ ᠳᠡᠯᠡᠬᠡᠶᠢᠵᠢᠯᠲᠡ ᠪᠠ ᠨᠡᠭᠡᠭᠡᠯᠲᠡᠲᠤ ᠬᠠᠮᠲᠤᠷᠠᠯᠴᠠᠭ᠎ᠠ ︽ᠰᠥᠷᠭᠡᠦ ᠤᠷᠤᠰᠬᠠᠯ︾ ᠳᠤ | ᠤᠴᠠᠷᠠᠪᠠ᠃ ᠣᠯᠠᠨ ᠤᠯᠤᠰ ᠤᠨ ︽ᠳᠡᠯᠡᠬᠡᠶᠢᠴᠢᠯᠡᠯᠲᠡ ᠶᠢᠨ ᠰᠥᠷᠭᠡᠦ︾ ᠦᠵᠡᠭᠳᠡᠯ ᠨᠢ ᠪᠤᠳᠤᠯᠢᠶᠠᠨᠲᠠᠢ ᠰᠢᠯᠲᠠᠭᠠᠨ ᠪᠠᠶᠢᠨ᠎ᠠ᠃ | ᠡᠭᠦᠨ ᠳᠤ᠂ ᠠᠰᠠᠭᠤᠳᠠᠯ ᠢ ᠵᠥᠪ ᠢᠶᠠᠷ ᠬᠠᠷᠠᠵᠤ ᠰᠢᠢᠳᠪᠦᠷᠢᠯᠡᠬᠦ ᠬᠡᠷᠡᠭᠲᠡᠢ ᠮᠥᠷᠲᠡᠭᠡᠨ ᠨᠡᠩ ᠴᠤ ︽ᠬᠥᠪᠦᠭᠰᠡᠨ ᠡᠭᠦᠯᠡ | ᠬᠠᠷᠠᠭ᠎ᠠ ᠶᠢ ᠬᠠᠯᠬᠠᠯᠠᠬᠤ ᠠᠴᠠ ᠪᠡᠷᠬᠡᠰᠢᠶᠡᠬᠦ ᠦᠭᠡᠢ︾ ᠪᠠᠶᠢᠵᠤ᠂ ᠲᠡᠦᠬᠡ ᠶᠢᠨ ᠬᠠᠷᠠᠴᠠ ᠪᠠᠷ ᠴᠠᠭ ᠦᠶ᠎ᠡ ᠶᠢᠨ ᠤᠷᠤᠰᠬᠠᠯ ᠤᠨ | ᠴᠢᠭᠯᠡᠯ ᠢ ᠲᠣᠳᠣᠷᠬᠠᠢ ᠲᠠᠨᠢᠬᠤ ᠬᠡᠷᠡᠭᠲᠡᠢ᠃ | ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠤ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠠᠷᠠᠯᠵᠢᠶ᠎ᠠ ᠪᠠ | ᠪᠡᠯᠡ ᠣᠷᠣᠭᠤᠯᠤᠯᠲᠠ ᠶᠢ ᠴᠢᠯᠦᠭᠡᠲᠡᠢ ᠪᠣᠯᠭᠠᠬᠤ ᠪᠠ ᠳᠥᠲᠡᠴᠢᠯᠡᠬᠦ ᠶᠢ ᠠᠬᠢᠭᠤᠯᠵᠤ᠂ ᠬᠥᠭᠵᠢᠯᠲᠡ ᠶᠢᠨ ᠲᠡᠩᠴᠡᠭᠦᠷᠢ ᠪᠠᠨ | ᠠᠯᠳᠠᠬᠤ ᠵᠡᠷᠭᠡ ᠠᠰᠠᠭᠤᠳᠠᠯ ᠤᠳ ᠢ ᠰᠠᠶᠢᠲᠤᠷ ᠰᠢᠢᠳᠪᠦᠷᠢᠯᠡᠵᠦ᠂ ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭᠠᠨ ᠤ | ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠁ ᠲᠡᠷᠢᠭᠦᠯᠡᠭᠴᠢ ᠰᠢ ᠶᠢᠨ | ᠫᠢᠩ ᠤᠨ ᠲᠠᠶᠢᠯᠪᠤᠷᠢᠯᠠᠭᠰᠠᠨ ᠳᠤᠮᠳᠠᠳᠤ ᠤᠯᠤᠰ ᠤᠨ ᠲᠥᠰᠥᠯ ᠨᠢ ᠨᠡᠭᠡᠭᠡᠯᠲᠡᠲᠤ ᠬᠥᠭᠵᠢᠯᠲᠡ ᠶᠢᠨ ᠵᠥᠪ ᠴᠢᠭᠯᠡᠯ ᠢ | ᠪᠠᠲᠤᠳᠬᠠᠬᠤ ᠶᠢᠨ ᠬᠠᠮᠲᠤ ᠪᠦᠬᠦ ᠪᠥᠮᠪᠥᠷᠴᠡᠭ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠣᠳᠠᠲᠠᠢ ᠠᠰᠠᠭᠤᠳᠠᠯ ᠤᠳ ᠤᠨ | ᠲᠤᠬᠠᠢ ᠰᠢᠢᠳᠪᠦᠷᠢᠯᠡᠬᠦ ᠠᠷᠭ᠎ᠠ ᠵᠠᠮ ᠭᠠᠷᠭᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠳᠡᠯᠡᠬᠡᠶᠢᠵᠢᠯᠲᠡ ᠶᠢᠨ | ᠶᠠᠪᠤᠴᠠ ᠳᠠᠬᠢ ᠲᠣᠮᠣ ᠤᠯᠤᠰ ᠤᠨ ᠡᠭᠦᠷᠭᠡᠯᠡᠯ ᠢ ᠢᠯᠡᠷᠡᠭᠦᠯᠪᠡ᠃ | ᠭᠤᠷᠪᠠᠳᠤᠭᠠᠷ ᠲᠤ᠂ ᠰᠢᠨ᠎ᠡ ᠶᠢ ᠡᠭᠦᠳᠬᠦ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠠᠮᠵᠢᠬᠤ ᠬᠡᠷᠡᠭᠲᠡᠢ᠃ | ᠣᠳᠣᠬᠠᠨ ᠤ ᠳᠡᠯᠡᠬᠡᠢ ᠶᠢᠷᠲᠢᠨᠴᠦ ᠳᠤ᠂ ᠪᠦᠬᠦ ᠪᠥᠮᠪᠥᠷᠴᠡᠭ ᠤᠨ ᠬᠥᠭᠵᠢᠯᠲᠡ ᠳᠤ ᠳᠠᠪᠬᠤᠷ ᠳᠠᠪᠬᠤᠷ ᠬᠦᠴᠢᠷᠳᠡᠯ | ᠲᠤᠯᠭᠠᠷᠠᠵᠤ ᠪᠠᠶᠢᠬᠤ ᠶᠢᠨ ᠬᠠᠮᠲᠤ ᠪᠠᠰᠠ ᠲᠡᠦᠬᠡᠨ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠡᠨᠡ ᠬᠦ ︽ᠲᠡᠦᠬᠡᠨ ᠠᠵᠠ | ᠲᠣᠬᠢᠶᠠᠯ︾ ᠪᠣᠯ ᠳᠠᠷᠤᠢ ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨ ᠰᠢᠨ᠎ᠡ ᠶᠢ ᠡᠭᠦᠳᠬᠦ ᠬᠥᠭᠵᠢᠯᠲᠡ ᠮᠥᠨ᠃ | ᠰᠢ ᠶᠢᠨ ᠫᠢᠩ ᠲᠡᠷᠢᠭᠦᠯᠡᠭᠴᠢ ᠪᠠᠶᠠᠷ ᠤᠨ ᠦᠭᠡ ᠳᠤ ᠪᠠᠨ᠂ ᠬᠥᠭᠵᠢᠵᠦ ᠪᠠᠶᠢᠭ᠎ᠠ ᠤᠯᠤᠰ ᠤᠳ ᠲᠠᠢ ᠭᠠᠷ ᠬᠤᠯᠪᠣᠨ | ᠬᠠᠮᠲᠤ ᠪᠠᠷ ᠤᠷᠤᠭᠰᠢᠯᠠᠬᠤ ᠤᠭ ᠰᠠᠨᠠᠭ᠎ᠠ ᠪᠠᠨ ᠪᠠᠷᠢᠮᠲᠠᠯᠠᠵᠤ᠂ ᠨᠡᠭᠡᠭᠡᠯᠲᠡᠲᠡᠢ᠂ ᠪᠠᠭᠲᠠᠭᠠᠮᠵᠢᠲᠠᠢ᠂ ᠭᠠᠳᠠᠭᠤᠷᠴᠢᠯᠠᠯ ᠦᠭᠡᠢ | ᠲᠣᠭᠠᠴᠢᠯᠠᠭᠰᠠᠨ ᠠᠵᠤ ᠠᠬᠤᠢ ᠶᠢᠨ ᠣᠷᠴᠢᠨ ᠨᠥᠬᠦᠴᠡᠯ ᠢ ᠴᠣᠭᠴᠠᠯᠠᠵᠤ᠂ ᠬᠥᠮᠥᠨ ᠢᠶᠠᠷ ᠦᠨᠳᠦᠰᠦ ᠪᠣᠯᠭᠠᠬᠤ᠂ | ᠣᠶᠤᠨᠴᠢ ᠪᠠᠷ ᠪᠤᠶᠠᠨ ᠦᠢᠯᠡᠳᠬᠦ ᠶᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠣᠷᠣ | ᠲᠥᠯᠥᠪ ᠤᠨ ᠳᠣᠲᠣᠷ᠎ᠠ ᠵᠣᠬᠢᠶᠠᠮᠠᠯ ᠤᠶᠤᠨ ᠤ ᠳᠦᠷᠢᠮ ᠤᠨ ᠵᠠᠰᠠᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠡᠯᠪᠡᠷᠢ ᠶᠢᠨ | ᠬᠤᠪᠢᠷᠠᠭᠤᠯᠤᠯᠲᠠ ᠶᠢ ᠢᠳᠡᠪᠬᠢᠲᠡᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠢ ᠲᠣᠭᠠᠴᠢᠯᠠᠭᠰᠠᠨ᠂ | ᠣᠶᠤᠨᠴᠢᠯᠠᠭᠰᠠᠨ᠂ ᠪᠣᠬᠢᠷᠲᠤᠯ ᠦᠭᠡᠢ ᠤᠷᠤᠰᠬᠠᠯ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ ᠭᠡᠵᠦ ᠳᠤᠷᠠᠳᠪᠠ᠃ | ᠲᠡᠷᠢᠭᠦᠯᠡᠭᠴᠢ ᠰᠢ ᠶᠢᠨ ᠫᠢᠩ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠴᠢᠬᠤᠯᠠ ᠲᠠᠯᠠᠪᠤᠷ ᠲᠤ | ᠬᠥᠭᠵᠢᠯᠲᠡ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠦᠷᠭᠦᠯᠵᠢᠯᠡᠨ ᠴᠢᠬᠤᠯᠠᠴᠢᠯᠠᠭᠰᠠᠨ ᠨᠢ ᠳᠤᠮᠳᠠᠳᠤ ᠤᠯᠤᠰ | ᠡᠭᠦᠳᠦᠯᠲᠡ ᠶᠢ ᠬᠦᠨᠳᠦᠳᠭᠡᠭᠰᠡᠭᠡᠷ ᠢᠷᠡᠭᠰᠡᠨ ᠢ ᠭᠦᠢᠴᠡᠳ ᠬᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠨᠢᠭᠡᠨ ᠲᠣᠮᠣ | ᠤᠯᠤᠰ ᠤᠨ ᠪᠠᠶᠢᠪᠠᠰᠤ ᠵᠣᠬᠢᠬᠤ ᠬᠠᠷᠢᠭᠤᠴᠠᠯᠭ᠎ᠠ ᠪᠠ ᠪᠠᠭᠲᠠᠭᠠᠮᠵᠢᠲᠤ ᠴᠢᠨᠠᠷ ᠢᠶᠠᠨ ᠢᠯᠡ ᠲᠣᠳᠣ ᠳᠠᠮᠵᠢᠭᠤᠯᠵᠠᠢ — | ᠡᠯ᠎ᠡ ᠤᠯᠤᠰ ᠢᠶᠠᠷ ᠢᠶᠠᠨ ᠴᠥᠮ ᠰᠢᠨ᠎ᠡ ᠶᠢ ᠡᠭᠦᠳᠬᠦ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠠᠮᠵᠢᠵᠤ᠂ | ᠬᠥᠭᠵᠢᠯᠲᠡ ᠶᠢᠨ ᠦᠷ᠎ᠡ ᠪᠦᠲᠦᠭᠡᠯ ᠢ ᠪᠤᠢ ᠪᠦᠬᠦᠢ ᠤᠯᠤᠰ ᠪᠠ ᠭᠠᠵᠠᠷ ᠣᠷᠣᠨ᠂ ᠪᠤᠢ ᠪᠦᠬᠦᠢ ᠬᠥᠮᠥᠰ ᠲᠤ ᠬᠦᠷᠲᠡᠭᠡᠵᠦ᠂ | ᠡᠯ᠎ᠡ ᠤᠯᠤᠰ ᠤᠨ ᠠᠷᠠᠳ ᠲᠦᠮᠡᠨ ᠳᠤ ᠴᠥᠮ ᠬᠦᠰᠡᠯ ᠡᠷᠡᠮᠡᠯᠵᠡᠯ ᠲᠠᠢ ᠢᠷᠡᠭᠡᠳᠦᠢ ᠶᠢ ᠡᠳ᠋ᠯᠡᠭᠦᠯᠦᠨ᠎ᠡ᠃ | ︽ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠬᠥᠮᠥᠨ ᠲᠥᠷᠥᠯᠬᠢᠲᠡᠨ ᠤ ᠢᠷᠡᠭᠡᠳᠦᠢ ᠶᠢ | ᠪᠣᠳᠣᠵᠣ᠂ ᠠᠷᠠᠳ ᠲᠦᠮᠡᠨ ᠤ ᠠᠵᠠ ᠵᠢᠷᠭᠠᠯ ᠢ ᠰᠠᠨᠠᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ | ᠴᠡᠴᠡᠭᠯᠡᠯ᠂ ᠳᠠᠪᠰᠢᠯᠲᠠ ᠲᠠᠢ ᠰᠠᠶᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠨ᠎ᠠ︾ ᠲᠣᠮᠣ ᠤᠯᠤᠰ ᠤᠨ | ᠤᠳᠤᠷᠢᠳᠤᠭᠴᠢ ᠶᠢᠨ ᠮᠠᠨᠢ ᠠᠷᠠᠳ ᠲᠦᠮᠡᠨ ᠢᠶᠠᠨ ᠭᠡᠬᠦ᠂ ᠳᠡᠯᠡᠬᠡᠢ ᠳ᠋ᠠᠬᠢᠨ ᠢᠶᠠᠨ ᠭᠡᠬᠦ ᠴᠢᠩ ᠦᠨᠡᠨᠴᠢ ᠬᠠᠶᠢᠷ᠎ᠠ | ᠰᠡᠳᠬᠢᠯᠭᠡ ᠪᠠᠷ ᠪᠢᠯᠬᠠᠮ᠎ᠠ ᠦᠭᠡᠢ ᠶᠠᠷᠢᠶ᠎ᠠ ᠪᠠᠷ ᠢᠯᠡᠳᠬᠡᠨ᠎ᠡ᠃ ᠡᠯ᠎ᠡ ᠤᠯᠤᠰ ᠤᠨ ᠨᠠᠶᠢᠷᠠᠮᠳᠠᠯᠲᠤ ᠬᠥᠭᠵᠢᠯᠲᠡ᠂ ᠨᠡᠭᠡᠭᠡᠯᠲᠡᠲᠤ | ᠬᠥᠭᠵᠢᠯᠲᠡ᠂ ᠰᠢᠨ᠎ᠡ ᠶᠢ ᠡᠭᠦᠳᠬᠦ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠭᠠᠷ ᠬᠤᠯᠪᠣᠯᠴᠠᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠡᠢ᠃ |