ᠤᠯᠠᠭᠠᠢ ᠬᠠᠮᠢᠶᠠᠷᠤᠯᠲᠠ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠯᠦ ᠰᠢᠨ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ᠢ ᠬᠢᠨᠠᠨ ᠪᠠᠶᠢᠴᠠᠭᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/21

    ᠰᠢᠯᠢ ᠶᠢᠨ ᠭᠤᠣᠯ ᠠᠶᠢᠮᠠᠭ ᠤᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ ᠶᠢᠨ ︽ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠲᠣᠰ ᠲᠣᠰ ᠤᠨ

ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ᠢ ᠬᠢᠨᠠᠨ ᠪᠠᠶᠢᠴᠠᠭᠠᠬᠤ ᠠᠵᠢᠯ ᠢ

ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 6

ᠰᠠᠷ᠎ᠠ ᠶᠢᠨ 19 ᠤ ᠡᠳᠦᠷ ᠤᠯᠠᠭᠠᠢ ᠬᠠᠮᠢᠶᠠᠷᠤᠯᠲᠠ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ ᠯᠦ ᠰᠢᠨ ᠨᠡᠭᠦᠷᠡᠰᠦᠨ ᠠᠭᠤᠷᠬᠠᠢ ᠶᠢᠨ ᠭᠤᠷᠪᠠᠨ ᠵᠢᠯ ᠤᠨ ᠠᠵᠢᠯᠯᠠᠭ᠎ᠠ ᠶᠢᠨ

ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠬᠤ ᠶᠢᠨ ᠬᠠᠮᠲᠤ ᠤᠯᠤᠰ ᠤᠨ ᠠᠭᠤᠷᠬᠠᠢ ᠶᠢᠨ

ᠠᠶᠤᠯ ᠦᠭᠡᠢ ᠦᠢᠯᠡᠳᠪᠦᠷᠢᠯᠡᠯ ᠤᠨ ᠬᠢᠨᠠᠨ ᠪᠠᠶᠢᠴᠠᠭᠠᠬᠤ ᠲᠣᠪᠴᠢᠶ᠎ᠠ ᠶᠢᠨ ᠪᠠᠴᠢᠮ ᠰᠠᠨᠠᠭᠤᠯᠤᠮᠵᠢ ᠶᠢᠨ ᠮᠡᠳᠡᠭᠡ

ᠵᠠᠩᠭᠢ ᠶᠢ ᠳᠠᠮᠵᠢᠭᠤᠯᠬᠤ ᠶᠢᠨ ᠬᠠᠮᠲᠤ ᠠᠶᠤᠯ ᠦᠭᠡᠢ ᠦᠢᠯᠡᠳᠪᠦᠷᠢᠯᠡᠯ ᠤᠨ ᠰᠠᠷ᠎ᠠ ᠶᠢᠨ ᠬᠠᠤᠯᠢ ᠲᠦᠭᠡᠮᠡᠯᠵᠢᠭᠦᠯᠬᠦ

ᠤᠬᠠᠭᠤᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠬᠤ

ᠠᠵᠢᠯ ᠢ ᠥᠷᠨᠢᠭᠦᠯᠪᠡ᠃

    ᠬᠢᠨᠠᠨ ᠪᠠᠶᠢᠴᠠᠭᠠᠬᠤ ᠳᠤᠭᠤᠶᠢᠯᠠᠩ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ

ᠬᠤᠲᠠ ᠶᠢᠨ ᠠᠭᠤᠷᠬᠠᠢ ᠶᠢᠨ ᠲᠥᠰᠥᠯ ᠢ ᠬᠢᠨᠠᠨ ᠪᠠᠶᠢᠴᠠᠭᠠᠬᠤ ᠬᠦᠰᠦᠨᠦᠭᠲᠦ︾ ᠶᠢᠨ ᠶᠣᠰᠣᠭᠠᠷ ᠯᠦ ᠰᠢᠨ

ᠨᠡᠭᠦᠷᠡᠰᠦᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠲᠣᠰ ᠴᠡᠭᠴᠡᠯᠡᠨ ᠵᠠᠰᠠᠬᠤ ᠭᠤᠷᠪᠠᠨ ᠵᠢᠯ ᠤᠨ

ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠳᠤ ᠬᠢᠨᠠᠨ ᠪᠠᠶᠢᠴᠠᠭᠠᠯᠲᠠ ᠬᠢᠵᠦ᠂ ᠪᠣᠳᠠᠲᠠᠢ ᠲᠠᠢ ᠪᠠᠨ ᠤᠶᠠᠯᠳᠤᠭᠤᠯᠤᠨ

ᠲᠥᠰᠥᠯ ᠤᠨ ᠬᠠᠨᠳᠤᠯᠭᠠᠲᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ᠂ ᠬᠤᠭᠤᠰᠤᠨ ᠭᠠᠵᠠᠷ ᠪᠠᠶᠢᠬᠤ ᠡᠰᠡᠬᠦ᠂

ᠬᠠᠷᠠᠯᠲᠠ ᠶᠢ ᠨᠠᠷᠢᠯᠢᠭᠵᠢᠭᠤᠯᠤᠭᠰᠠᠨ ᠪᠠᠶᠢᠳᠠᠯ ᠨᠢ ᠲᠣᠳᠣᠷᠬᠠᠢ ᠡᠰᠡᠬᠦ᠂ ᠰᠢᠪᠲᠤᠯᠤᠯᠲᠠ ᠶᠢᠨ ᠡᠭᠦᠷᠭᠡ ᠳᠤ

ᠭᠤᠣᠯᠳᠠᠯᠭ᠎ᠠ ᠶᠢ ᠳᠣᠪᠤᠶᠢᠯᠭᠠᠭᠰᠠᠨ ᠡᠰᠡᠬᠦ ᠵᠡᠷᠭᠡ ᠪᠠᠶᠢᠳᠠᠯ ᠳᠤ ᠬᠢᠨᠠᠨ ᠪᠠᠶᠢᠴᠠᠭᠠᠯᠲᠠ ᠪᠠ ᠰᠤᠳᠤᠯᠤᠨ ᠶᠠᠷᠢᠯᠴᠠᠪᠠ᠃

ᠠᠵᠤ ᠠᠬᠤᠶᠢᠯᠠᠯ ᠢ ᠬᠢᠨᠠᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠰᠠᠭᠤᠳᠠᠯ ᠤᠨ ᠶᠣᠰᠣᠭᠠᠷ᠂ ᠠᠶᠤᠯᠭᠦᠢ

ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ

ᠬᠡᠷᠡᠭᠵᠢᠭᠦᠯᠬᠦ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠯᠠᠭ᠎ᠠ ᠶᠢᠨ ᠲᠥᠰᠥᠯ ᠢ ᠨᠠᠷᠢᠯᠢᠭ

ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃

    ᠲᠠᠷᠠᠭᠠᠴᠢ ᠶᠢᠨ ᠠᠯᠬᠤᠮ ᠳᠤ᠂ ᠤᠯᠠᠭᠠᠢ ᠬᠠᠮᠢᠶᠠᠷᠤᠯᠲᠠ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠢ ᠰᠢᠪᠠᠳᠠᠵᠤ ᠪᠠᠶᠢᠭᠠᠳ ᠤᠯᠤᠰ ᠤᠨ ᠠᠭᠤᠷᠬᠠᠢ ᠶᠢᠨ ᠠᠮᠤᠷ

ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠪᠠᠴᠢᠮ ᠰᠠᠨᠠᠭᠤᠯᠤᠭᠰᠠᠨ ᠮᠡᠳᠡᠭᠡ ᠵᠠᠩᠭᠢ ᠵᠢᠴᠢ ︽ᠬᠠᠲᠠᠭᠤ

ᠠᠷᠭ᠎ᠠ ᠬᠡᠮᠵᠢᠶ᠎ᠡ︾ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠡᠭᠦᠷᠭᠡ ᠶᠢᠨ ᠨᠠᠷᠢᠨ

ᠬᠠᠭᠤᠳᠠᠰᠤ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ

ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ

ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠡᠷᠡᠭ

ᠡᠭᠦᠰᠬᠦ ᠶᠢ ᠡᠷᠡᠰ ᠰᠡᠷᠭᠡᠶᠢᠯᠡᠵᠦ ᠬᠤᠷᠢᠭᠯᠠᠨ᠂ ᠬᠠᠮᠢᠶᠠᠷᠤᠯᠲᠠ ᠶᠢᠨ ᠣᠷᠣᠨ ᠤ ᠠᠶᠤᠯᠭᠦᠢ ᠦᠢᠯᠡᠳᠪᠦᠷᠢᠯᠡᠯ ᠤᠨ

ᠪᠠᠶᠢᠳᠠᠯ ᠤᠨ ᠦᠷᠭᠦᠯᠵᠢᠯᠡᠬᠦᠶᠢᠴᠡ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号