ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠭᠠᠵᠠᠷ ᠤᠨ ᠳᠠᠷᠤᠭ᠎ᠠ ᠦ᠋ ᠱᠣᠣ ᠵᠢᠶᠦ᠋ᠨ ᠨᠠᠷ ᠵᠢᠦ ᠴᠢᠦᠢ ᠸᠠᠨ ᠦᠵᠡᠮᠵᠢ ᠶᠢᠨ ᠣᠷᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/21

    ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠡᠬᠢ ᠪᠠᠶᠠᠯᠢᠭ ᠢ ᠨᠡᠭᠡᠭᠡᠨ

ᠬᠥᠭᠵᠢᠭᠦᠯᠬᠦ ᠭᠠᠵᠠᠷ ᠤᠨ ᠳᠠᠷᠤᠭ᠎ᠠ ᠦ᠋ ᠱᠣᠣ ᠵᠢᠶᠦ᠋ᠨ ᠨᠠᠷ ᠵᠢᠦ ᠴᠢᠦᠢ ᠸᠠᠨ ᠦᠵᠡᠮᠵᠢ ᠶᠢᠨ ᠣᠷᠣᠨ ᠳᠤ

ᠭᠦᠨᠵᠡᠭᠡᠶᠢᠷᠡᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ

ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶᠠᠷᠤᠯᠲᠠ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ

ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ

ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠢᠶᠠ ᠹᠧᠩ ᠶᠢᠩ᠂ ᠬᠠᠮᠢᠶᠠᠷᠤᠯᠲᠠ ᠶᠢᠨ ᠣᠷᠣᠨ ᠤ ᠰᠣᠶᠣᠯ

ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ  ᠦ᠋  ᠸᠧᠨ  ᠬᠤᠤ᠂ ᠬᠠᠯᠠᠭᠠᠶᠢᠲᠤ

ᠲᠠᠯᠠᠪᠠᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠲᠠᠯᠠᠪᠠᠢ ᠶᠢᠨ ᠳᠠᠷᠤᠭ᠎ᠠ ᠪᠥᠬᠡᠬᠠᠳᠠ᠂ ᠳᠡᠳ᠋ ᠳᠠᠷᠤᠭ᠎ᠠ ᠾᠧᠦ  

ᠵᠢᠶᠠᠨ ᠺᠦᠨ ᠪᠠᠷ᠎ᠠ ᠪᠣᠯᠪᠠ᠃

    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠢᠦ ᠴᠢᠦᠢ ᠸᠠᠨ ᠦᠵᠡᠮᠵᠢ ᠶᠢᠨ

ᠣᠷᠣᠨ ᠤ ᠵᠤᠭᠠᠴᠠᠭᠰᠠᠳ ᠤᠨ ᠲᠥᠪ᠂ ᠲᠡᠭᠷᠢ ᠶᠢᠨ ᠲᠠᠯ᠎ᠠ ᠶᠢᠨ ᠳᠤᠷᠠᠰᠤᠮᠵᠢ ᠦᠵᠡᠮᠵᠢ ᠶᠢᠨ ᠲᠠᠶᠢᠰᠠ ᠵᠡᠷᠭᠡ ᠤᠯᠠᠨ

ᠦᠵᠡᠮᠵᠢ ᠶᠢᠨ ᠣᠷᠣᠨ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ

ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ᠂ ᠲᠥᠬᠦᠭᠡᠷᠦᠮᠵᠢ ᠶᠢᠨ

ᠪᠦᠲᠦᠭᠡᠨ ᠪᠠᠶᠢᠭᠤᠯᠤᠯᠲᠠ᠂ ᠡᠵᠡᠩᠨᠡᠯᠲᠡ ᠪᠣᠯᠣᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ

ᠡᠭᠦᠳᠦᠨ ᠪᠠᠶᠢᠭᠤᠯᠬᠤ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ᠃

    ᠪᠠᠶᠢᠴᠠᠭᠠᠨ ᠰᠤᠳᠤᠯᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠦᠵᠡᠮᠵᠢ ᠶᠢᠨ ᠣᠷᠣᠨ ᠢ ᠰᠢᠨᠵᠢᠯᠡᠬᠦ

ᠤᠬᠠᠭᠠᠨᠴᠢ ᠪᠠᠷ ᠲᠥᠯᠥᠪᠵᠢᠭᠦᠯᠵᠦ᠂ ᠡᠭᠦᠳᠦᠨ ᠪᠠᠶᠢᠭᠤᠯᠬᠤ ᠠᠯᠬᠤᠴᠠ ᠪᠠᠨ ᠲᠦᠷᠭᠡᠳᠬᠡᠨ᠂ ᠤᠯᠤᠰ ᠤᠨ 5A

ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂

ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠨ᠎ᠡ ᠪᠠᠷ ᠨᠡᠮᠡᠭᠳᠡᠭᠦᠯᠬᠦ ᠪᠠ ᠲᠡᠭᠦᠯᠳᠡᠷᠵᠢᠭᠦᠯᠵᠦ᠂

ᠵᠢᠭᠤᠯᠴᠢᠯᠠᠭᠴᠢᠳ ᠤᠨ ᠣᠶᠢᠯᠠᠭᠠᠬᠤ ᠴᠢᠨᠠᠷᠲᠠᠢ ᠲᠥᠷᠥᠯ ᠵᠦᠢᠯ ᠢ ᠲᠦᠷᠭᠡᠳᠬᠡᠨ ᠪᠣᠶᠢᠵᠢᠭᠤᠯᠵᠤ᠂ ᠦᠵᠡᠮᠵᠢ ᠶᠢᠨ

ᠣᠷᠣᠨ ᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠠᠵᠢᠯ ᠢ ᠦᠨᠡᠨᠬᠦ ᠰᠠᠶᠢᠲᠤᠷ ᠬᠢᠵᠦ᠂ ᠦᠵᠡᠮᠵᠢ ᠶᠢᠨ ᠣᠷᠣᠨ ᠤ

ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ᠃

   ᠲᠠᠷᠠᠭᠠᠴᠢ ᠶᠢᠨ ᠠᠯᠬᠤᠮ ᠳᠤ᠂ ᠵᠢᠦ ᠴᠢᠦᠢ ᠸᠠᠨ ᠦᠵᠡᠮᠵᠢ ᠶᠢᠨ ᠣᠷᠣᠨ ᠤ ᠬᠢᠨ ᠨᠠᠷᠢᠨ ᠬᠢᠨᠠᠮᠠᠭᠠᠢ ᠳ᠋ᠦᠩᠨᠡᠵᠦ᠂

ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠠᠭᠤᠷᠢ

ᠦᠢᠯᠡᠴᠢᠯᠡᠭᠡᠨ ᠤ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠢᠨ᠎ᠡ ᠪᠠᠷ ᠨᠡᠮᠡᠭᠳᠡᠭᠰᠡᠨ

ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ 5A

ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠦᠨᠡᠯᠡᠨ ᠵᠢᠱᠢᠵᠦ ᠰᠢᠯᠭᠠᠨ ᠠᠪᠬᠤ ᠪᠠᠷᠢᠮᠵᠢᠶ᠎ᠠ ᠳᠤ ᠲᠦᠷᠭᠡᠨ

ᠬᠦᠷᠦᠭᠦᠯᠬᠦ ᠶᠢ ᠦᠨᠡᠨ ᠬᠦ ᠪᠠᠲᠤᠯᠠᠵᠤ᠂ ᠵᠢᠭᠤᠯᠴᠢᠯᠠᠭᠰᠠᠳ ᠲᠤ ᠨᠠᠩ ᠰᠠᠶᠢᠨ ᠵᠢᠭᠤᠯᠴᠢᠯᠠᠯ ᠤᠨ ᠣᠷᠴᠢᠨ ᠲᠣᠭᠤᠷᠢᠨ

ᠪᠠ ᠣᠶᠢᠯᠠᠭᠠᠯᠲᠠ ᠶᠢ ᠣᠯᠭᠤᠬᠤ ᠪᠠᠷ ᠴᠢᠷᠮᠠᠶᠢᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号