ᠮᠣᠷᠢᠨ ᠮᠡᠷᠭᠡᠵᠢᠯ ᠳᠤ ᠴᠠᠭᠠᠷᠠᠭᠰᠠᠨ ᠮᠠᠯᠴᠢᠨ ᠥᠬᠢᠨ ᠰᠣᠯᠣᠩᠭ᠎ᠠ
ᠨᠡᠶᠢᠲᠡᠯᠡᠭᠰᠡᠨ ᠴᠠᠭ᠄
2024/6/24

    ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠪᠠᠶᠠᠨᠪᠢᠯᠢᠭ᠍ᠲᠦ ᠭᠠᠴᠠᠭ᠎ᠠ ᠪᠠᠷ ᠨᠤᠲᠤᠭᠲᠠᠢ ᠮᠠᠯᠴᠢᠨ ᠥᠬᠢᠨ

ᠰᠣᠯᠣᠩᠭ᠎ᠠ ᠮᠣᠷᠢᠨ ᠮᠡᠷᠭᠡᠵᠢᠯ ᠳᠤ ᠴᠠᠭᠠᠷᠠᠵᠤ᠂ ᠡᠯ᠎ᠡ ᠵᠦᠢᠯ ᠤᠨ ᠤᠷᠤᠯᠳᠤᠭᠠᠨ ᠮᠥᠷᠥᠶᠢᠴᠡᠭᠡᠨ ᠢᠶᠠᠷ  

ᠭᠢᠯᠠᠷᠠᠭᠤᠯᠵᠤ᠂ ᠤᠯᠠᠨ ᠤ ᠠᠩᠬᠠᠷᠤᠯ ᠳᠤ ᠬᠦᠷᠴᠦ ᠶᠠᠪᠤᠨ᠎ᠠ᠃

    ᠰᠣᠯᠣᠩᠭ᠎ᠠ ᠶᠢᠨ ᠠᠪᠤ ᠨᠢ ᠮᠣᠷᠢ ᠤᠨᠤᠵᠦ᠂ ᠡᠮᠨᠢᠭ ᠰᠤᠷᠭᠠᠬᠤ ᠲᠠᠯ᠎ᠠ ᠪᠠᠷ ᠳᠤᠷ᠎ᠠ ᠪᠠᠭ᠋ᠠᠲᠠᠢ ᠪᠠᠶᠢᠳᠠᠭ ᠠᠴᠠ

ᠠᠪᠤ ᠶᠢᠨ ᠢᠶᠠᠨ ᠨᠥᠯᠥᠭᠡ ᠪᠠᠷ ᠰᠣᠯᠣᠩᠭ᠎ᠠ ᠬᠠᠷᠠᠬᠠᠨ ᠪᠠᠭ᠎ᠠ ᠠᠴᠠ ᠪᠠᠨ ᠮᠣᠷᠢᠨ ᠳᠤ ᠪᠠᠭ᠋ᠠᠲᠠᠢ ᠪᠣᠯᠵᠤ᠂ ᠠᠪᠤ ᠪᠠᠨ

ᠲᠠᠭᠠᠵᠦ ᠮᠣᠷᠢ ᠤᠨᠤᠵᠦ ᠬᠤᠨᠢ ᠮᠠᠯ ᠢᠶᠠᠨ ᠬᠤᠷᠢᠶᠠᠵᠤ᠂ ᠠᠷᠤ ᠭᠡᠷ ᠲᠤ ᠪᠠᠨ ᠲᠤᠰᠠ ᠲᠠᠮ ᠪᠤᠯᠳᠠᠭ᠃ ᠤᠤᠯ

 ᠠᠴᠠ ᠪᠠᠨ ᠮᠣᠷᠢᠨ ᠳᠤ ᠪᠠᠭ᠋ᠠᠲᠠᠢ ᠲᠡᠷᠡᠪᠡᠷ ᠬᠤᠷᠢᠨ ᠨᠢᠭᠡᠨ ᠨᠠᠰᠤᠲᠠᠢ ᠠᠴᠠ ᠪᠠᠨ ᠡᠬᠢᠯᠡᠨ ᠥᠪᠡᠷᠲᠡᠭᠡᠨ ᠮᠣᠷᠢᠨ

ᠳᠡᠭᠡᠷ᠎ᠡ ᠠᠴᠠ ᠬᠠᠳᠠᠭ ᠰᠢᠭᠦᠷᠡᠬᠦ᠂ ᠮᠣᠷᠢ ᠤᠨᠤᠵᠦ ᠲᠦᠩᠰᠡ ᠲᠣᠭᠤᠷᠢᠬᠤ᠂ ᠨᠠᠮᠨᠠᠬᠤ ᠵᠡᠷᠭᠡ ᠮᠣᠷᠢᠨ ᠮᠡᠷᠭᠡᠵᠢᠯ ᠢ

ᠬᠠᠲᠠᠭᠤᠵᠢᠯᠲᠠᠢ ᠰᠤᠷᠤᠯᠴᠠᠵᠦ᠂ ᠤᠯᠠᠨ ᠤᠯᠠᠨ ᠱᠠᠩᠨᠠᠯ ᠮᠧᠳᠡᠯ ᠢᠶᠠᠷ ᠡᠩᠭᠡᠷ ᠢᠶᠠᠨ ᠮᠢᠯᠢᠶᠠᠯᠭᠠᠭᠰᠠᠭᠠᠷ ᠢᠷᠠᠵᠠᠢ᠃

    ᠣᠶᠢᠷᠠᠬᠠᠨ ᠰᠢᠯᠢ ᠶᠢᠨ ᠬᠤᠳᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠳᠤ ᠶᠠᠪᠤᠭᠳᠠᠭᠰᠠᠨ ᠲᠤᠮᠳᠠᠳᠦ

ᠤᠯᠤᠰ ᠤᠨ ᠵᠢᠭᠤᠯᠴᠢᠯᠠᠯ ᠤᠨ ᠡᠳᠦᠷ ᠤᠨ ᠰᠢᠯᠢ ᠶᠢᠨ ᠭᠤᠣᠯ ᠤᠨ ᠭᠤᠣᠯ ᠰᠡᠳᠦᠪᠲᠦ ᠠᠵᠢᠯᠯᠠᠭ᠎ᠠ ᠵᠢᠴᠢ 2024

ᠣᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠬᠠᠳᠠᠭ ᠰᠢᠭᠦᠷᠡᠬᠦ ᠤᠷᠤᠯᠳᠤᠭᠠᠨ ᠳᠤ ᠰᠣᠯᠣᠩᠭ᠎ᠠ 6

ᠬᠠᠳᠠᠭ ᠰᠢᠭᠦᠷᠡᠵᠦ᠂ ᠳᠥᠲᠥᠭᠡᠷ ᠪᠠᠶᠢᠷᠢᠨ ᠳᠤ ᠲᠣᠳᠣᠷᠠᠨ᠂ ᠪᠠᠰᠠ ᠮᠣᠷᠢ ᠪᠠᠨ ᠬᠥᠲᠥᠯᠥᠭᠡᠳ ᠲᠦᠩᠰᠡ ᠲᠣᠭᠤᠷᠢᠵᠤ

ᠬᠦᠴᠦᠨ ᠵᠠᠯᠭᠠᠬᠤ ᠤᠷᠤᠯᠳᠤᠭᠠᠨ ᠳᠤ ᠢᠳᠡᠪᠬᠢᠲᠡᠢ ᠤᠷᠤᠯᠴᠠᠭᠰᠠᠨ ᠪᠠᠶᠢᠨ᠎ᠠ᠃

    ᠰᠣᠯᠣᠩᠭ᠎ᠠ᠄ ︽ᠪᠢ ᠪᠠᠭ᠎ᠠ ᠠᠴᠠ ᠪᠠᠨ ᠮᠣᠷᠢ ᠤᠨᠤᠬᠤ ᠳᠤᠷᠠᠲᠠᠢ᠂ ᠲᠡᠶᠢᠮᠦ ᠤᠴᠢᠷ ᠮᠠᠯ ᠤᠨᠤᠭ᠎ᠠ ᠲᠠᠢ  ᠪᠠᠨ

ᠣᠶᠢᠷᠠᠬᠠᠨ ᠪᠠᠶᠢᠬᠤ ᠶᠢ ᠪᠤᠳᠤᠵᠦ ᠰᠤᠷᠭᠠᠭᠤᠯᠢ ᠪᠠᠨ ᠲᠡᠭᠦᠰᠦᠮᠡᠭᠴᠡ ᠬᠥᠳᠡᠭᠡ ᠪᠠᠨ ᠬᠠᠷᠢᠵᠤ ᠮᠠᠯᠴᠢᠨ ᠵᠠᠶᠠᠭ᠎ᠠ

ᠲᠦᠰᠢᠵᠡᠢ᠃ ᠪᠢ ᠮᠣᠩᠭᠤᠯ ᠮᠣᠷᠢᠨ ᠳᠤ ᠪᠠᠨ ᠬᠠᠶᠢᠷᠠᠲᠠᠢ ᠪᠠᠶᠢᠳᠠᠭ ᠤᠨ ᠤᠴᠢᠷ ᠬᠤᠵᠢᠮ ᠮᠣᠷᠢᠨ ᠮᠡᠷᠭᠡᠵᠢᠯ ᠢᠶᠠᠨ

ᠨᠡᠩ ᠰᠠᠶᠢᠨ ᠪᠣᠯᠪᠠᠰᠤᠷᠠᠵᠤ᠂ ᠬᠡᠦᠬᠡᠳ ᠳᠡᠭᠦᠦᠨᠡᠷ ᠲᠤ ᠪᠠᠨ ᠵᠢᠭᠠᠵᠤ ᠤᠯᠠᠮᠵᠢᠯᠠᠨ᠎ᠠ᠂ ᠮᠥᠨ ᠴᠦ ᠳᠤᠷ᠎ᠠ ᠪᠠᠬ᠎ᠠ᠂

ᠠᠵᠢᠯ ᠦᠢᠯᠡᠰ ᠢ ᠮᠢᠨᠢ ᠳᠡᠮᠵᠢᠳᠡᠭ ᠠᠪᠤ ᠡᠵᠢ ᠨᠠᠶᠢᠵᠠ ᠨᠥᠬᠦᠳ ᠨᠠᠷ ᠲᠤ ᠪᠠᠨ ᠪᠠᠶᠠᠷᠯᠠᠯ᠎ᠠ︾ ᠭᠡᠵᠦ ᠶᠠᠷᠢᠯ᠎ᠠ᠃

 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号