︽ᠤᠮᠠᠷᠠᠲᠤ ᠬᠢᠯᠢ ᠪᠠᠨ ᠤᠷᠠᠯᠠᠬᠤᠢ ᠵᠢᠷᠤᠭ ᠦᠭᠡ︾ ᠭᠡᠬᠦ ᠪᠠ᠊ · ᠪᠢᠯᠢᠭ ᠤᠨ ᠤᠷᠠᠨ ᠵᠢᠷᠤᠭ ᠤᠨ ᠠᠵᠢᠯᠯᠠᠬᠤ ᠦᠷᠦᠭᠡ ᠶᠢᠨ ᠪᠦᠲᠦᠭᠡᠯ ᠤᠨ ᠦᠵᠡᠰᠬᠦᠯᠡᠩ ᠶᠠᠪᠤᠭᠳᠠᠯ᠎ᠠ
ᠨᠡᠶᠢᠲᠡᠯᠡᠭᠰᠡᠨ ᠴᠠᠭ᠄
2024/6/24

    ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠰᠣᠳᠣᠪᠢᠯᠢᠭ᠌ ᠳᠠᠳᠤᠯᠭ᠎ᠠ ᠶᠢᠨ‌ᠰᠤᠷᠪᠤᠯᠵᠢᠯᠠᠭᠴᠢ ᠥᠨᠢ︶ 6

ᠰᠠᠷ᠎ᠠ ᠶᠢᠨ 5 ᠤ ᠡᠳᠦᠷ᠂ ᠳᠠᠪᠢᠨ ᠭᠤᠷᠪᠠᠳᠠᠭᠢ ᠳᠡᠯᠡᠬᠡᠢ ᠶᠢᠨ ᠣ᠊ᠷᠴᠢᠨ ᠲᠣᠭᠤᠷᠢᠨ ᠤ ᠡᠳᠦᠷ ᠬᠦᠷᠴᠦ ᠢᠷᠡᠬᠦ

ᠲᠠᠰᠢᠷᠠᠮ ᠢᠶᠠᠷ᠂ ︽ᠤᠮᠠᠷᠠᠲᠤ ᠬᠢᠯᠢ ᠪᠠᠨ ᠤᠷᠠᠯᠠᠬᠤᠢ ᠵᠢᠷᠤᠭ ᠦᠭᠡ︾ ᠭᠡᠬᠦ ᠪᠠ᠊ · ᠪᠢᠯᠢᠭ ᠤᠨ ᠤᠷᠠᠨ ᠵᠢᠷᠤᠭ ᠤᠨ

ᠠᠵᠢᠯᠯᠠᠬᠤ ᠦᠷᠦᠭᠡ ᠶᠢᠨ ᠪᠦᠲᠦᠭᠡᠯ ᠤᠨ ᠦᠵᠡᠰᠬᠦᠯᠡᠩ ᠰᠢᠯᠢ ᠶᠢᠨ ᠬᠤᠲᠠ ᠳᠤ ᠶᠠᠪᠤᠭᠳᠠᠪᠠ᠃

    ᠲᠤᠰ ᠤᠳᠠᠭᠠᠨ ᠤ ᠦᠵᠡᠰᠬᠦᠯᠡᠩ ᠢ ᠳᠤᠮᠳᠠᠳᠤ ᠤᠯᠤᠰ ᠤᠨ ᠤᠷᠠᠨ ᠵᠢᠷᠤᠭᠴᠢᠳ ᠤᠨ ᠨᠡᠶᠢᠭᠡᠮᠯᠢᠭ ᠤᠨ ᠱᠤᠭ

ᠵᠢᠷᠤᠭ ᠤᠨ ᠤᠷᠠᠯᠢᠭ ᠤᠨ ᠵᠥᠪᠯᠡᠯ ᠠᠴᠠ ᠵᠢᠯᠣᠭᠤᠳᠤᠨ᠂ ᠥᠪᠥᠷ ᠮᠣᠩᠭᠤᠯ ᠤᠨ ᠤᠳᠬ᠎ᠠ ᠤᠷᠠᠯᠢᠭ ᠤᠨ

ᠰᠢᠭᠦᠮᠵᠢᠯᠡᠭᠴᠢ ᠶᠢᠨ ᠨᠡᠶᠢᠭᠡᠮᠯᠢᠭ ᠠᠴᠠ ᠭᠤᠣᠯᠯᠠᠨ ᠡᠷᠬᠢᠯᠡᠵᠦ᠂ ᠰᠢᠯᠢ ᠶᠢᠨ ᠭᠤᠣᠯ ᠠᠶᠢᠮᠠᠭ ᠤᠨ ᠤᠳᠬ᠎ᠠ

ᠤᠷᠠᠯᠢᠭ ᠤᠨ ᠬᠢᠨ ᠤ  ᠬᠤᠯᠪᠣᠭ᠎ᠠ᠂ ᠰᠢᠯᠢ ᠶᠢᠨ ᠭᠤᠣᠯ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ

ᠲᠣᠪᠴᠢᠶ᠎ᠠ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠤᠷᠠᠨ

ᠵᠢᠷᠤᠭᠴᠢᠳ ᠤᠨ ᠨᠡᠶᠢᠭᠡᠮᠯᠢᠭ ᠤᠨ ᠱᠤᠭ ᠵᠢᠷᠤᠭ ᠤᠨ ᠤᠷᠠᠯᠢᠭ ᠤᠨ ᠵᠥᠪᠯᠡᠯ ᠠᠴᠠ ᠳᠠᠭᠠᠭᠠᠴᠢᠯᠠᠨ ᠡᠷᠬᠢᠯᠡᠪᠡ᠃ ᠲᠤᠰ

ᠤᠳᠠᠭᠠᠨ ᠤ ᠦᠵᠡᠰᠬᠦᠯᠡᠩ ᠳᠤ ︽ᠪᠠ᠊ · ᠪᠢᠯᠢᠭ ᠤᠨ ᠤᠷᠠᠨ ᠵᠢᠷᠤᠭ ᠤᠨ ᠠᠵᠢᠯᠯᠠᠬᠤ ᠦᠷᠦᠭᠡ︾ ᠶᠢᠨ ᠦᠷ᠎ᠡ  

ᠪᠦᠲᠦᠭᠡᠯ ᠢ ᠤᠯᠠᠨ ᠳᠤ ᠳᠡᠯᠭᠡᠨ ᠦᠵᠡᠭᠦᠯᠵᠦ᠂ ᠪᠠ᠊ · ᠪᠢᠯᠢᠭ ᠤᠨ ᠤᠷᠠᠨ ᠪᠦᠲᠦᠭᠡᠯ ᠢ ᠰᠤᠳᠤᠯᠤᠨ ᠶᠠᠷᠢᠯᠴᠠᠬᠤ

ᠬᠤᠷᠠᠯ ᠪᠣᠯᠣᠨ ᠤᠮᠠᠷᠠᠲᠤ ᠬᠢᠯᠢ ᠶᠢᠨ ᠤᠳᠬ᠎ᠠ ᠤᠷᠠᠯᠢᠭ ᠤᠨ ᠬᠢᠴᠢᠶᠡᠯ ᠤᠨ ᠲᠢᠩᠬᠢᠮ ᠢᠶᠠᠷ ᠭᠤᠣᠯ ᠠᠭᠤᠯᠭ᠎ᠠ

ᠪᠣᠯᠭᠠᠭᠰᠠᠨ ᠪᠠ᠊ · ᠪᠢᠯᠢᠭ ᠤᠨ ᠤᠷᠠᠨ ᠪᠦᠲᠦᠭᠡᠯ ᠢ ᠰᠤᠳᠤᠯᠤᠨ ᠶᠠᠷᠢᠯᠴᠠᠬᠤ ᠬᠤᠷᠠᠯ ᠵᠡᠷᠭᠡ ᠰᠢᠷᠢᠰ ᠠᠵᠢᠯᠯᠠᠭ᠎ᠠ ᠶᠢ

ᠰᠢᠯᠢ ᠶᠢᠨ ᠬᠤᠲᠠ ᠳᠤ ᠠᠮᠵᠢᠯᠲᠠ ᠲᠠᠢ ᠡᠷᠬᠢᠯᠡᠪᠡ᠃ ᠲᠤᠰ ᠤᠳᠠᠭᠠᠨ ᠤ ᠪᠦᠲᠦᠭᠡᠯ ᠤᠨ ᠦᠵᠡᠭᠦᠯᠭᠡ ᠶᠢᠨ ᠭᠠᠵᠠᠷ

 ᠨᠢ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠠᠮᠢᠷ ᠤᠨ ᠣᠷᠳᠣᠨ ᠤ ᠵᠡᠭᠦᠨ

ᠦᠵᠡᠭᠦᠯᠭᠡ ᠶᠢᠨ ᠲᠢᠩᠬᠢᠮ ᠳᠤ ᠪᠠᠶᠢᠵᠤ᠂ 6 ᠰᠠᠷ᠎ᠠ ᠶᠢᠨ 30 ᠤ ᠡᠳᠦᠷ ᠪᠤᠯᠳᠠᠯ᠎ᠠ ᠦᠷᠬᠦᠯᠵᠢᠯᠠᠵᠤ᠂ ᠡᠨᠡᠬᠦ

ᠬᠤᠭᠤᠴᠠᠭᠠᠨ ᠳᠤ ᠰᠠᠭᠤᠭᠠᠯᠢ ᠠᠷᠠᠳ ᠦᠨ᠎ᠡ ᠲᠥᠯᠥᠪᠦᠷᠢ ᠦᠭᠡᠢ ᠪᠠᠷ ᠢᠷᠡᠵᠤ ᠦᠵᠡᠵᠦ ᠪᠣᠯᠣᠨ᠎ᠠ᠃

    ᠦᠵᠡᠭᠦᠯᠭᠡ ᠳᠤ᠂ ᠣᠷᠴᠢᠨ ᠠᠬᠤᠢ ᠪᠠᠨ ᠬᠠᠶᠢᠷᠠᠯᠠᠨ ᠬᠠᠮᠠᠭᠠᠯᠠᠬᠤ ᠰᠡᠳᠦᠪ ᠪᠦᠬᠦᠢ ᠰᠢᠯᠢᠳᠡᠭ ᠪᠦᠲᠦᠭᠡᠯ

200 ᠬᠤᠪᠢ ᠶᠢ ᠳᠡᠯᠭᠡᠨ ᠦᠵᠡᠭᠦᠯᠵᠦ᠂ ᠡᠭᠦᠨ ᠤ ᠳᠤᠮᠳᠠ ᠪᠠ᠊ · ᠪᠢᠯᠢᠭ ᠤᠨ ᠪᠦᠲᠦᠭᠡᠯ 100 ᠬᠤᠪᠢ ᠪᠠᠶᠢᠵᠤ᠂

ᠡᠳᠡᠭᠡᠷ 100 ᠪᠦᠲᠦᠭᠡᠯ ᠳᠤ ᠲᠡᠭᠦᠨ ᠤ ᠳᠡᠯᠡᠬᠡᠢ ᠶᠢᠨ ᠲᠠᠪᠴᠠᠩ ᠳᠤ ᠣᠯᠠᠨᠲᠠ ᠱᠠᠩᠨᠠᠯ ᠬᠦᠷᠲᠡᠭᠰᠡᠨ ᠪᠦᠲᠦᠭᠡᠯ ᠨᠢ

ᠪᠠᠶᠢᠬᠤ ᠪᠠᠷ ᠪᠠᠷᠠᠬᠤ ᠦᠭᠡᠢ᠂ ᠣᠶᠢᠷ᠎ᠠ ᠶᠢᠨ ᠬᠤᠶᠠᠷ ᠵᠢᠯ ᠳᠤ ᠰᠢᠨ᠎ᠡ ᠪᠠᠷ ᠵᠢᠷᠤᠭᠰᠠᠨ ᠪᠦᠲᠦᠭᠡᠯ ᠨᠢ ᠴᠦ ᠪᠠᠶᠢᠨ᠎ᠠ᠃

ᠪᠠ᠊ · ᠪᠢᠯᠢᠭ᠄ ︽ᠳᠡᠯᠡᠬᠡᠢ ᠢᠢᠨ ᠣᠷᠴᠢᠨ ᠲᠣᠭᠤᠷᠢᠨ ᠤ ᠡᠳᠦᠷ ᠪᠤᠯᠬᠤ ᠲᠠᠰᠢᠷᠠᠮ ᠢᠶᠠᠷ ᠡᠨᠡᠬᠦ ᠳᠡᠯᠭᠡᠨ

ᠦᠵᠡᠭᠦᠯᠭᠡ ᠪᠠᠨ ᠶᠠᠪᠤᠭᠳᠠᠭᠤᠯᠤᠭᠰᠠᠨ ᠨᠢ ᠨᠡᠩ ᠤᠯᠠᠨ ᠬᠥᠮᠥᠨ ᠤ ᠣᠷᠴᠢᠨ ᠲᠣᠭᠤᠷᠢᠨ ᠢᠶᠠᠨ ᠬᠠᠮᠠᠭᠠᠯᠠᠬᠤ ᠦᠵᠡᠯ

ᠤᠬᠠᠮᠰᠠᠷ ᠢ ᠨᠢ ᠴᠢᠩᠭᠠᠷᠠᠭᠤᠯᠤᠶ᠎ᠠ ᠭᠡᠰᠡᠨ ᠶᠤᠮ᠂ ᠮᠢᠨᠤ ᠪᠦᠲᠦᠭᠡᠯ ᠳᠤ ᠴᠦ ᠤᠯᠠᠨ ᠤᠯᠠᠨ ᠣᠷᠴᠢᠨ ᠲᠣᠭᠤᠷᠢᠨ᠂

ᠳᠡᠯᠡᠬᠡᠢ ᠡᠵᠢ ᠪᠠᠨ ᠬᠠᠮᠠᠭᠠᠯᠠᠬᠤ  ᠶᠢ ᠤᠷᠢᠶᠠᠯᠠᠭᠰᠠᠨ᠂ ᠰᠡᠷᠡᠮᠵᠢᠯᠡᠭᠦᠯᠦᠭᠰᠡᠨ ᠰᠡᠳᠦᠪ  ᠪᠦᠬᠦᠢ  ᠪᠦᠲᠦᠭᠡᠯ ᠤᠳ ᠪᠤᠢ᠂

ᠡᠨᠡ ᠲᠤᠬᠠᠢ ᠥᠪᠡᠷ ᠤᠨ ᠢᠢᠡᠨ ᠭᠡᠰᠡᠨ ᠴᠢᠷᠮᠠᠶᠢᠯᠭ᠎ᠠ ᠪᠠᠷ ᠢᠢᠡᠨ ᠳᠠᠮᠵᠢᠵᠦ ᠪᠦᠲᠦᠭᠡᠯ ᠢ ᠮᠠᠨᠢ ᠦᠵᠡᠭᠰᠡᠨ

ᠬᠥᠮᠥᠨ ᠳᠤ ᠶᠠᠮᠠᠷ ᠨᠢᠭᠡᠨ ᠵᠦᠢᠯ ᠢ ᠪᠤᠳᠤᠭᠳᠠᠭᠤᠯᠬᠤ  ᠶᠢ ᠵᠣᠷᠢᠵᠠᠢ︾ ᠭᠡᠨ᠎ᠡ᠃

 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号