ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 20 ᠤ ᠴᠠᠭᠢᠯᠭᠠᠨ ᠮᠡᠳᠡᠭᠡ 6 ᠰᠠᠷ᠎ᠠ ᠶᠢᠨ 20 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ 2024 ᠳᠡᠯᠡᠬᠡᠢ ᠶᠢᠨ ᠣᠶᠤᠨᠴᠢ ᠴᠢᠳᠠᠪᠤᠷᠢ ᠶᠢᠨ ᠠᠵᠤ ᠦᠢᠯᠡᠰ ᠤᠨ | ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠴᠢᠬᠤᠯᠠ ᠬᠥᠳᠡᠯᠭᠡᠬᠦ ᠬᠦᠴᠦᠨ ᠮᠥᠨ᠂ ᠪᠦᠭᠦ | ᠪᠥᠮᠪᠥᠷᠴᠡᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠬᠥᠮᠥᠨ ᠲᠥᠷᠥᠯᠬᠢᠲᠡᠨ ᠤ ᠪᠣᠯᠪᠠᠰᠤᠨ ᠤ | ᠲᠠᠪᠰᠢᠯᠳᠠ ᠳᠤ ᠠᠯᠤᠰ ᠭᠡᠳᠤ ᠶᠢᠨ ᠨᠥᠯᠥᠭᠡ ᠦᠵᠡᠭᠦᠯᠭᠦ ᠪᠣᠯᠣᠨ᠎ᠠ᠃ ᠳᠤᠮᠳᠠᠳᠤ ᠤᠯᠤᠰ ᠵᠣᠬᠢᠶᠠᠮᠠᠯ ᠣᠶᠤᠨ | ᠴᠢᠳᠠᠪᠤᠷᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ | ᠣᠶᠤᠨ ᠴᠢᠳᠠᠪᠤᠷᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠢᠳᠡᠪᠬᠢᠲᠡᠢ | ᠠᠬᠢᠭᠤᠯᠵᠤ᠂ ᠣᠶᠤᠨᠴᠢ ᠴᠢᠳᠠᠪᠤᠷᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ | ᠴᠢᠳᠠᠪᠤᠷᠢ ᠬᠠᠩᠭᠠᠪᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠲᠣᠭᠠᠴᠢᠯᠠᠭᠰᠠᠨ᠂ | ᠰᠦᠯᠵᠢᠶᠡᠵᠢᠭᠰᠡᠨ᠂ ᠣᠶᠤᠨᠴᠢᠯᠠᠭᠰᠠᠨ ᠬᠥᠭᠵᠢᠯᠲᠡ ᠶᠢᠨ ᠠᠵᠠ ᠲᠣᠭᠢᠶᠠᠯ ᠢ ᠡᠵᠡᠮᠳᠡᠵᠦ᠂ ᠵᠣᠬᠢᠶᠠᠮᠠᠯ ᠤᠶᠤᠨ ᠴᠢᠳᠠᠪᠤᠷᠢ ᠶᠢᠨ | ᠬᠥᠭᠵᠢᠯᠲᠡ ᠪᠣᠯᠣᠨ ᠵᠠᠰᠠᠯᠲᠠ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠣᠬᠢᠶᠠᠮᠠᠯ ᠤᠶᠤᠨ | ᠴᠢᠳᠠᠪᠤᠷᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ᠂ ᠡᠯ᠎ᠡ | ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃ | 2024 ᠳᠡᠯᠡᠬᠡᠢ ᠶᠢᠨ ᠣᠶᠤᠨᠴᠢ ᠴᠢᠳᠠᠪᠤᠷᠢ ᠶᠢᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠨᠢ | ︽ᠣᠶᠤᠨᠴᠢ ᠶᠢᠷᠲᠢᠨᠴᠦ᠂ ᠴᠠᠬᠢᠮ ᠢᠷᠡᠭᠡᠳᠦᠢ︾ ᠪᠠᠷ ᠭᠤᠣᠯ ᠰᠡᠳᠦᠪ ᠪᠤᠯᠭᠠᠵᠤ᠂ ᠲᠢᠶᠠᠨᠵᠢᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠪᠣᠯᠣᠨ ᠴᠦᠩᠴᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ | ᠡᠷᠭᠢᠯᠡᠵᠦ᠂ ᠲᠣᠰ ᠡᠳᠦᠷ ᠲᠢᠶᠠᠨᠵᠢᠨ ᠬᠤᠲᠠ ᠳᠤ ᠡᠬᠢᠯᠡᠪᠡ᠃ |