ᠬᠢᠨᠠᠨ ᠪᠤᠳᠤᠬᠤ ᠲᠣᠪᠴᠢᠶ᠎ᠠ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠴᠡᠭ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/25

    6 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠤᠯᠠᠭᠠᠢ ᠬᠠᠮᠢᠶᠠᠷᠤᠯᠲᠠ ᠶᠢᠨ ᠣᠷᠣᠨ ᠤ ᠬᠢᠨᠠᠨ

ᠪᠣᠳᠣᠬᠤ ᠲᠣᠪᠴᠢᠶ᠎ᠠ ᠬᠠᠮᠢᠶᠠᠷᠤᠯᠲᠠ ᠶᠢᠨ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ

ᠲᠥᠪ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠴᠡᠭ ᠤᠨ ᠬᠤᠷᠠᠯ ᠬᠤᠷᠠᠯᠳᠤᠵᠤ᠂ ᠬᠢᠨᠠᠨ

ᠪᠣᠳᠣᠬᠤ ᠳᠤᠭᠤᠶᠢᠯᠠᠩ ᠤᠨ ᠪᠦᠬᠦ ᠭᠡᠰᠢᠭᠦᠨ᠂ ᠬᠠᠮᠢᠶᠠᠷᠤᠯᠲᠠ ᠶᠢᠨ ᠣᠷᠣᠨ ᠤ ᠨᠡᠶᠢᠭᠡᠮ ᠤᠨ ᠳᠠᠭᠠᠳᠬᠠᠯ ᠤᠨ

ᠦᠢᠯᠡᠰ ᠤᠨ ᠦᠢᠯᠡᠴᠢᠯᠡᠭᠡᠨ ᠤ ᠲᠥᠪ ᠤᠨ ᠭᠤᠣᠯ ᠤᠳᠤᠷᠢᠳᠤᠯᠭ᠎ᠠ᠂ ᠡᠯ᠎ᠡ ᠲᠠᠰᠤᠭ ᠤᠨ ᠬᠠᠷᠢᠭᠤᠴᠠᠯᠭᠠᠲᠠᠨ

ᠬᠤᠷᠠᠯ ᠳᠤ ᠣᠷᠣᠯᠴᠠᠪᠠ᠃

    ᠬᠤᠷᠠᠯ ᠳᠡᠭᠡᠷ᠎ᠡ᠂ ᠬᠢᠨᠠᠨ ᠪᠤᠳᠤᠬᠤ ᠳᠤᠭᠤᠶᠢᠯᠠᠩ ︽ᠬᠢᠨᠠᠨ ᠪᠤᠳᠤᠬᠤ ᠮᠡᠳᠡᠭᠳᠡᠯ ᠤᠨ ᠪᠢᠴᠢᠭ︾ ᠪᠣᠯᠣᠨ ᠬᠢᠨᠠᠨ

ᠪᠤᠳᠤᠬᠤ ︽ᠨᠠᠢᠮᠠᠨ ᠥᠯᠥ ᠵᠥᠪᠰᠢᠶᠡᠷᠡᠬᠦ︾ ᠠᠵᠢᠯ ᠤᠨ ᠰᠠᠬᠢᠯᠭ᠎ᠠ ᠪᠠᠲᠤ ᠶᠢ ᠤᠩᠰᠢᠨ ᠨᠡᠶᠢᠲᠡᠯᠡᠵᠦ᠂ ᠬᠤᠶᠠᠷ

ᠲᠠᠯ᠎ᠠ ᠶᠢᠨ ᠡᠭᠦᠷᠭᠡ ᠬᠠᠷᠢᠭᠤᠴᠠᠯᠭ᠎ᠠ ᠪᠣᠯᠣᠨ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠥᠭᠡᠳ ᠲᠣᠰ ᠤᠳᠠᠭᠠᠨ ᠤ

ᠬᠢᠨᠠᠨ ᠪᠤᠳᠤᠬᠤ ᠬᠦᠷᠢᠶ᠎ᠡ ᠬᠡᠪᠴᠢᠶ᠎ᠡ᠂ ᠭᠤᠣᠯ ᠠᠭᠤᠯᠭ᠎ᠠ ᠪᠣᠯᠣᠨ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠪᠠ᠃

    ᠬᠤᠷᠠᠯ ᠠᠴᠠ᠂ ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠬᠢᠨᠠᠨ ᠪᠤᠳᠤᠬᠤ ᠬᠢᠨᠠᠯᠲᠠ  ᠲᠠᠯᠪᠢᠬᠤ  

ᠠᠵᠢᠯ ᠤᠨ ᠴᠢᠬᠤᠯᠠ ᠠᠴᠢ  ᠬᠤᠯᠪᠣᠭᠳᠠᠯ ᠢ  ᠭᠦᠢᠴᠡᠳ ᠲᠠᠨᠢᠬᠤ  ᠬᠡᠷᠡᠭᠲᠡᠢ᠃ ᠤᠳᠤᠷᠢᠳᠬᠤ ᠺᠠᠳ᠋ᠷᠴᠤᠳ ᠤᠨ

ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠪᠣᠯ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ

ᠲᠠᠯᠪᠢᠬᠤ ᠶᠢ ᠴᠢᠩᠭᠠᠳᠬᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠮᠥᠨ᠂ ᠬᠢᠨᠠᠨ ᠪᠤᠳᠤᠭᠳᠠᠵᠦ ᠪᠠᠶᠢᠭ᠎ᠠ

ᠨᠢᠭᠡᠴᠢ ᠵᠢᠴᠢ ᠬᠤᠪᠢ ᠬᠥᠮᠥᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠵᠣᠷᠢᠭ ᠰᠠᠨᠠᠭ᠎ᠠ᠂ ᠲᠥᠪ ᠴᠢᠩᠭ᠎ᠠ ᠨᠠᠷᠢᠨ

ᠬᠢᠨᠠᠮᠠᠭᠠᠢ ᠣᠪᠣᠷ ᠢᠶᠠᠷ ᠬᠢᠨᠠᠨ ᠪᠤᠳᠤᠬᠤ ᠠᠵᠢᠯ ᠳᠤ ᠵᠥᠪ ᠢᠶᠠᠷ ᠬᠠᠨᠳᠤᠬᠤ ᠪᠠ ᠳᠡᠮᠵᠢᠬᠦ ᠬᠡᠷᠡᠭᠲᠡᠢ︔ ᠬᠤᠶᠠᠷ ᠲᠤ

ᠪᠦᠬᠦ ᠬᠦᠴᠦᠨ ᠢᠶᠠᠷ ᠢᠶᠠᠨ ᠳᠡᠮᠵᠢᠵᠦ᠂ ᠢᠳᠡᠪᠬᠢᠲᠡᠢ ᠪᠠᠷ ᠬᠠᠮᠵᠢᠯᠴᠠᠬᠤ ᠬᠡᠷᠡᠭᠲᠡᠢ᠃ ᠬᠢᠨᠠᠨ ᠪᠣᠳᠣᠯ ᠳᠤ ᠬᠢᠯᠭᠡᠭᠰᠡᠨ

ᠨᠢᠭᠡᠴᠡ ᠨᠢᠭᠡ ᠠᠯᠪᠠᠨ ᠭᠡᠷ ᠤᠨ ᠬᠠᠷᠢᠭᠤᠴᠠᠯᠭᠠᠲᠠᠨ ᠪᠠ ᠨᠢᠭᠡ ᠡᠳ᠋ ᠤᠨ ᠶᠠᠪᠤᠳᠠᠯ ᠤᠨ ᠠᠵᠢᠯᠲᠠᠨ ᠢ ᠲᠣᠬᠢᠷᠠᠭᠤᠯᠵᠤ᠂

ᠬᠢᠨᠠᠨ ᠪᠣᠳᠣᠬᠤ ᠳᠤᠭᠤᠶᠢᠯᠠᠩ ᠯᠤᠭ᠎ᠠ ᠶᠢᠨ ᠬᠠᠷᠢᠯᠴᠠᠭ᠎ᠠ ᠶᠢ ᠵᠣᠬᠢᠴᠠᠭᠤᠯᠵᠤ᠂ ᠬᠡᠷᠡᠭᠴᠡᠭᠡ ᠲᠠᠢ ᠲᠤᠭ᠎ᠠ ᠪᠠᠷᠢᠮᠲᠠ᠂

ᠳᠠᠩᠰᠠ ᠡᠪᠬᠡᠮᠡᠯ ᠵᠡᠷᠭᠡ ᠮᠠᠲ᠋ᠧᠷᠢᠶᠠᠯ ᠢ ᠴᠠᠭ ᠲᠤᠬᠠᠢ ᠳᠤᠨᠢ᠂ ᠪᠦᠷᠢᠨ ᠪᠦᠲᠦᠨ᠂ ᠣᠨᠣᠪᠴᠢᠲᠠᠶ ᠬᠠᠩᠭᠠᠵᠤ᠂ ᠬᠢᠨᠠᠨ

ᠪᠣᠳᠣᠬᠤ ᠳᠤᠭᠤᠶᠢᠯᠠᠩ ᠲᠠᠢ ᠬᠠᠮᠵᠢᠯᠴᠠᠨ ᠠᠵᠢᠯ ᠤᠨ ᠡᠭᠦᠷᠭᠡ ᠪᠠᠨ ᠪᠡᠶᠡᠯᠡᠭᠦᠯᠦᠨ᠎ᠡ᠃

    ᠬᠤᠷᠠᠯ ᠤᠨ ᠡᠴᠦᠰ ᠲᠤ᠂ ᠬᠠᠮᠢᠶᠠᠷᠤᠯᠲᠠ ᠶᠢᠨ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ

ᠦᠢᠯᠡᠴᠢᠯᠡᠭᠡᠨ ᠤ ᠲᠥᠪ ᠤᠨ ᠭᠤᠣᠯ ᠤᠳᠤᠷᠢᠳᠤᠯᠭ᠎ᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠲᠣᠰ

ᠤᠳᠠᠭᠠᠨ ᠤ ᠬᠢᠨᠠᠨ ᠪᠤᠳᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠦᠴᠦᠨ ᠢᠶᠠᠷ ᠢᠶᠠᠨ

ᠰᠠᠶᠢᠲᠤᠷ ᠬᠠᠮᠵᠢᠯᠴᠠᠬᠤ ᠬᠡᠷᠡᠭᠲᠡᠢ ᠭᠡᠵᠦ ᠢᠯᠡᠳᠬᠡᠪᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号