ᠤᠯᠠᠭᠠᠢ ᠬᠠᠮᠢᠶᠠᠷᠤᠯᠲᠠ ᠶᠢᠨ ᠣᠷᠣᠨ ᠤ ᠦᠯᠣ ᠬᠥᠳᠡᠯᠬᠦ ᠬᠥᠷᠥᠩᠭᠡ ᠶᠢ ᠲᠠᠩᠰᠠᠯᠠᠨ ᠲᠡᠮᠳᠡᠭᠯᠡᠬᠦ ᠦᠢᠯᠡᠴᠢᠯᠡᠭᠡᠨ ᠤ ᠲᠥᠪ ᠬᠠᠮᠢᠶᠠᠷᠤᠯᠲᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ 6.25 ᠭᠠᠵᠠᠷ ᠰᠢᠷᠣᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠪᠠ
ᠨᠡᠶᠢᠲᠡᠯᠡᠭᠰᠡᠨ ᠴᠠᠭ᠄
2024/6/26

    1986 ᠣᠨ ᠤ 6 ᠰᠠᠷ᠎ᠠ ᠶᠢᠨ 25 ᠤ ᠡᠳᠦᠷ ᠵᠢᠷᠭᠤᠳᠤᠭᠠᠷ ᠬᠤᠭᠤᠴᠠᠭᠠᠨ ᠤ  ᠤᠯᠤᠰ ᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ

ᠳᠤᠮᠳᠠᠳᠤ ᠤᠯᠤᠰ ᠤᠨ ᠠᠩᠬᠠᠳᠠᠭᠴᠢ ᠲᠤᠰᠬᠠᠢ ᠭᠠᠵᠠᠷ ᠰᠢᠷᠣᠢ ᠶᠢᠨ ᠬᠠᠷᠢᠴᠠᠭ᠎ᠠ ᠶᠢ ᠲᠣᠬᠢᠷᠠᠭᠤᠯᠬᠤ ᠶᠡᠭᠡ ᠬᠠᠤᠯᠢ

︽ᠪᠦᠭᠦᠳᠡ ᠨᠠᠶᠢᠷᠠᠮᠳᠠᠬᠤ‌‍ᠲ᠋ᠤᠮᠳᠠᠳᠤ‌ᠠᠷᠠᠳ‌ᠤᠯᠤᠰ‌‍ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢ

ᠪᠠᠲᠤᠯᠠᠨ ᠨᠡᠶᠢᠲᠡᠯᠡᠪᠡ᠃ ᠡᠨᠡ ᠡᠳᠦᠷ ᠢ ᠳᠤᠷᠠᠰᠬᠠᠬᠤ ᠶᠢᠨ ᠲᠥᠯᠥᠭᠡ᠂1991 ᠣᠨ ᠤ 5ᠰᠠᠷ᠎ᠠ ᠶᠢᠨ24 ᠤ ᠡᠳᠦᠷ

ᠳᠣᠶᠢᠷᠤ ᠶᠢᠨ ᠶᠠᠪᠤᠳᠠᠯ ᠤᠨ ᠬᠤᠷᠢᠶᠠᠨ‌‍ᠤ 83 ᠳᠤᠭᠠᠷ ᠤᠳᠠᠭᠠᠨ ᠤ ᠪᠠᠶᠢᠩᠭᠤ ᠶᠢᠨ ᠬᠤᠷᠠᠯᠳᠤᠭᠠᠨ ᠠᠴᠠ 1991

ᠣᠨ ᠠᠴᠠ ᠡᠬᠢᠯᠡᠨ ᠵᠢᠯ ᠪᠤᠶᠢᠷᠢ ᠶᠢᠨ 6 ᠰᠠᠷ᠎ᠠ ᠶᠢᠨ25 ᠤ ᠡᠳᠦᠷ︽ᠪᠦᠭᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢ ᠨᠠᠶᠢᠲᠠᠯᠠᠭᠰᠠᠨ ᠡᠳᠦᠷ ᠢ ᠪᠦᠬᠦ ᠤᠯᠤᠰ ᠤᠨ

ᠭᠠᠵᠠᠷ ᠰᠢᠷᠣᠢ ᠶᠢᠨ ᠡᠲᠣᠷᠯᠢᠭ ᠢᠶᠠᠷ ᠲᠣᠭᠲᠠᠭᠠᠨ᠎ᠠ ᠭᠡᠵᠦ ᠲᠣᠭᠲᠠᠭᠠᠪᠠ᠃ ᠳᠤᠮᠳᠠᠳᠤ ᠤᠯᠤᠰ ᠪᠣᠯ ᠳᠡᠯᠡᠬᠡᠢ

ᠳᠡᠭᠡᠷᠡᠬᠢ ᠠᠩᠬᠠᠳᠠᠭᠴᠢ ᠭᠠᠵᠠᠷ ᠰᠢᠷᠣᠢ ᠶᠢ ᠬᠠᠮᠠᠭᠠᠯᠠᠬᠤ ᠶᠢᠨ ᠲᠥᠯᠥᠭᠡ ᠲᠤᠰᠬᠠᠶᠢᠯᠠᠨ ᠳᠤᠷᠠᠰᠬᠠᠯ ᠤᠨ ᠡᠳᠦᠷ

ᠭᠠᠷᠭᠠᠭᠰᠠᠨ ᠤᠯᠤᠰ ᠮᠥᠨ᠃

    2024 ᠣᠨ ᠤ 6 ᠰᠠᠷ᠎ᠠ ᠶᠢᠨ 25 ᠤ ᠡᠳᠦᠷ ᠪᠣᠯ 34 ᠳ᠋ᠦ᠋ᠭᠡᠷ ᠪᠥᠬᠦ ᠤᠯᠤᠰ ᠤᠨ ᠭᠠᠵᠠᠷ ᠰᠢᠷᠣᠢ ᠶᠢᠨ

ᠡᠳᠦᠷ ᠪᠣᠯᠣᠨ᠎ᠠ᠂ ᠭᠠᠵᠠᠷ ᠰᠢᠷᠣᠢ ᠶᠢ ᠵᠦᠢ ᠵᠣᠬᠢᠰᠲᠠᠢ ᠠᠰᠢᠭᠯᠠᠬᠤ ᠶᠢ ᠨᠠᠩ ᠰᠠᠶᠢᠨ ᠤᠬᠠᠭᠤᠯᠬᠤ ᠶᠢᠨ ᠲᠥᠯᠥᠭᠡ᠂

ᠢᠮᠠᠬᠤ ᠭᠠᠵᠠᠷ ᠨᠢᠭᠡᠪᠦᠷᠢ ᠶᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠠᠰᠢᠭᠯᠠᠵᠤ᠂ ᠤᠯᠠᠭᠠᠢ ᠬᠠᠮᠢᠶᠠᠷᠤᠯᠲᠠ ᠶᠢᠨ

ᠣᠷᠣᠨ ᠤ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡᠨ ᠤ ᠲᠥᠪ ᠬᠠᠮᠢᠶᠠᠷᠤᠯᠲᠠ ᠶᠢᠨ

ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ︽ᠭᠠᠵᠠᠷ ᠢ ᠠᠷᠪᠢᠲᠠᠢ ᠡᠷᠴᠢᠮᠯᠢᠭ ᠬᠡᠷᠡᠭᠯᠡᠵᠦ

ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ

ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃

    ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠭᠠᠵᠠᠷ ᠰᠢᠷᠣᠢ ᠶᠢᠨ ᠬᠠᠮᠢᠶ᠎ᠠ ᠪᠦᠬᠦᠢ ᠮᠡᠳᠡᠯᠭᠡ ᠶᠢᠨ

ᠯᠠᠪᠯᠠᠭ᠎ᠠ ᠶᠢᠨ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂

ᠠᠵᠢᠯᠲᠠᠳ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠨᠦᠷᠢᠩᠬᠤᠸᠠ ᠨᠡᠶᠢᠭᠡᠮ ᠲᠣᠭᠤᠷᠢᠭ ᠲᠤ ᠬᠦᠷᠴᠦ

ᠥᠷᠭᠡᠨ ᠣᠯᠠᠨ ᠲᠦᠮᠡᠨ ᠳᠤ ᠲᠠᠷᠢᠶᠠᠨ ᠭᠠᠵᠠᠷ ᠢ ᠬᠠᠮᠠᠭᠠᠯᠠᠬᠤ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ

ᠲᠡᠮᠳᠡᠭᠯᠡᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠡᠯᠪᠡᠷᠢ ᠶᠢ  ᠲᠦᠭᠡᠮᠡᠯᠵᠢᠭᠦᠯᠵᠦ᠂ ᠣᠯᠠᠨ

ᠨᠡᠶᠢᠲᠡ ᠶᠢ ᠭᠠᠵᠠᠷ ᠰᠢᠷᠣᠢ ᠶᠢᠨ ᠡᠬᠢ ᠪᠠᠶᠠᠯᠢᠭ ᠢ ᠬᠢᠵᠠᠭᠠᠷᠯᠠᠬᠤ ᠴᠢᠨᠠᠷᠲᠠᠢ ᠪᠠ ᠬᠤᠪᠣᠷ ᠨᠠᠨᠳᠢᠨ ᠴᠢᠨᠠᠷ ᠤᠨ ᠲᠤᠬᠠᠢ

ᠨᠠᠩ ᠭᠦᠨᠵᠡᠭᠡᠢ ᠲᠠᠨᠢᠯᠲᠠ ᠲᠠᠢ ᠪᠣᠯᠭᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠠᠵᠢᠯᠯᠠᠭ᠎ᠠ ᠳᠤ

ᠢᠳᠡᠪᠬᠢᠲᠡᠢ ᠣᠷᠣᠯᠴᠠᠭᠤᠯᠵᠤ᠂ ᠮᠠᠨ ᠤ ᠲᠠᠷᠢᠶᠠᠨ ᠭᠠᠵᠠᠷ ᠤᠨ ᠡᠬᠢ ᠪᠠᠶᠠᠯᠢᠭ ᠢ ᠬᠠᠮᠲᠤ ᠪᠠᠷ ᠬᠠᠮᠠᠭᠠᠯᠠᠨ᠎ᠠ ᠭᠡᠵᠦ

ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠵᠡᠢ᠃

    ᠭᠠᠵᠠᠷ ᠰᠢᠷᠣᠢ ᠶᠢ ᠬᠠᠶᠢᠷᠠᠯᠠᠬᠤ ᠨᠢ ᠮᠠᠨ ᠤ ᠬᠥᠮᠥᠨ ᠨᠢᠭᠡᠪᠦᠷᠢ ᠶᠢᠨ ᠬᠠᠷᠢᠭᠤᠴᠠᠯᠭ᠎ᠠ ᠪᠣᠯᠣᠨ᠎ᠠ᠃ ᠲᠣᠰ

ᠤᠳᠠᠭᠠᠨ ᠤ 6 · 25 ᠤ ᠪᠥᠬᠦ ᠤᠯᠤᠰ ᠤᠨ ᠭᠠᠵᠠᠷ ᠰᠢᠷᠣᠢ ᠶᠢᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠪᠠᠷ

ᠳᠠᠮᠵᠢᠭᠤᠯᠤᠨ᠂ ᠥᠷᠭᠡᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠠᠵᠠᠷ ᠰᠢᠷᠣᠢ ᠶᠢᠨ ᠡᠬᠢ

ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠠᠩᠬᠠᠷᠴᠤ᠂ ᠭᠠᠵᠠᠷ ᠰᠢᠷᠣᠢ ᠶᠢ ᠨᠠᠨᠳᠢᠩᠨᠠᠬᠤ᠂ ᠲᠠᠷᠢᠶᠠᠨ ᠭᠠᠵᠠᠷ ᠢ

ᠬᠠᠮᠠᠭᠠᠯᠠᠬᠤ ᠤᠬᠠᠮᠰᠠᠷ ᠢ ᠨᠢ ᠴᠢᠩᠭᠠᠷᠠᠭᠤᠯᠤᠨ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ

ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ︽ᠭᠠᠵᠠᠷ ᠰᠢᠷᠣᠢ ᠶᠢᠨ ᠡᠬᠢ ᠪᠠᠶᠠᠯᠢᠭ ᠢ ᠨᠠᠨᠳᠢᠩᠨᠠᠨ᠂

ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠰᠠᠬᠢᠨ ᠬᠠᠮᠠᠭᠠᠯᠠᠬᠤ︾  ᠶᠢ ᠦᠨᠡᠨ ᠬᠦ ᠦᠢᠯᠡᠳᠦᠯᠭᠡᠵᠢᠭᠦᠯᠬᠦ ᠶᠢᠨ

ᠲᠥᠯᠥᠭᠡ ᠶᠤᠮ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号