ᠣᠯᠠᠨ ᠵᠢᠯ ᠤᠨ ᠲᠤᠷᠰᠢ᠂ ᠤᠯᠠᠭᠠᠢ ᠬᠠᠮᠢᠶᠠᠷᠤᠯᠲᠠ ᠶᠢᠨ ᠣᠷᠣᠨ ︽ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠳᠤᠯ ᠦᠭᠡᠢ ᠬᠥᠭᠵᠢᠯᠲᠡ︾ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠨᠤᠲᠤᠭ ᠪᠡᠯᠴᠢᠭᠡᠷ ᠤᠨ ᠠᠮᠢ | ᠠᠬᠤᠢ ᠶᠢ ᠰᠡᠷᠭᠦᠭᠡᠬᠦ ᠬᠦᠴᠦᠯᠡᠴᠡ ᠪᠠᠨ ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ ᠶᠢᠨ ᠳᠠᠪᠠᠭᠤᠯᠢᠭ ᠢ | ᠪᠣᠶᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠵᠢᠯ ᠢ ᠴᠢᠩᠭᠠᠳᠬᠠᠵᠤ᠂ | ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠪᠠᠬᠢᠵᠢᠭᠦᠯᠦᠭᠰᠡᠨ ᠪᠠᠶᠢᠨ᠎ᠠ᠃ | 2014 ᠣᠨ ᠳᠤ᠂ ᠮᠧᠩ ᠼᠤᠤ ᠺᠣᠮᠫᠠᠨᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ | ᠰᠤᠳᠤᠯᠭᠠᠨ ᠤ ᠬᠦᠷᠢᠶᠡᠯᠡᠩ ᠬᠢᠭᠡᠳ ᠤᠯᠠᠭᠠᠢ ᠬᠠᠮᠢᠶᠠᠷᠤᠯᠲᠠ ᠶᠢᠨ ᠣᠷᠣᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠨᠢᠭᠡᠨ ᠰᠠᠯᠠᠭ᠎ᠠ ︽ᠨᠤᠲᠤᠭ ᠪᠡᠯᠴᠢᠭᠡᠷ ᠢ ᠰᠡᠷᠭᠦᠭᠡᠬᠦ | ᠠᠩᠭᠢ︾ ᠨᠢ ᠤᠯᠠᠭᠠᠢ ᠲᠠᠯ᠎ᠠ ᠨᠤᠲᠤᠭ ᠲᠤ ᠦᠨᠳᠦᠰᠦᠯᠡᠵᠡᠢ᠃ ᠲᠤᠰᠬᠠᠢ ᠮᠡᠷᠭᠡᠵᠢᠯᠲᠡᠨ ᠤ ᠪᠦᠯᠬᠦᠮ ᠨᠢ 3 ᠵᠢᠯ ᠤᠨ | ᠳᠣᠲᠣᠷ᠎ᠠ ᠳᠠᠭᠠᠭᠤᠯᠢ ᠣᠳᠣᠨ ᠤ ᠠᠯᠤᠰ ᠰᠡᠷᠡᠯ ᠤᠨ ᠵᠢᠷᠤᠭ ᠳᠦᠷᠰᠦ ᠶᠢᠨ ᠲᠤᠭ᠎ᠠ ᠪᠠᠷᠢᠮᠲᠠ ᠶᠢ ᠮᠠᠭᠠᠳᠯᠠᠨ | ᠤᠩᠰᠢᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠲᠠᠴᠢᠷᠳᠠᠭᠰᠠᠨ ᠰᠢᠯᠲᠠᠭᠠᠨ ᠢ ᠵᠠᠳᠠᠯᠵᠤ᠂ ᠰᠠᠯᠬᠢᠨ ᠤ | ᠢᠳᠡᠭᠳᠡᠭᠰᠡᠨ ᠨᠦᠬᠡ ᠶᠢᠨ ᠠᠳᠠᠯᠢ ᠪᠤᠰᠤ ᠭᠠᠵᠠᠷ ᠤᠨ ᠪᠠᠶᠢᠴᠠ ᠳᠤ ᠴᠢᠭᠯᠡᠭᠦᠯᠦᠨ ᠵᠣᠬᠢᠴᠠᠩᠭᠤᠢ ᠨᠡᠶᠢᠯᠡᠭᠦᠯᠦᠨ ᠵᠠᠰᠠᠨ | ᠰᠡᠷᠭᠦᠭᠡᠬᠦ ᠠᠷᠭ᠎ᠠ ᠮᠠᠶ᠋ᠢᠭ ᠢ ᠲᠣᠭᠲᠠᠭᠠᠵᠤ᠂ ᠡᠭᠴᠡ ᠬᠥᠲᠥᠯ᠂ ᠨᠠᠯᠠᠤ ᠭᠠᠵᠠᠷ᠂ ᠲᠡᠭᠰᠢᠯᠡᠨ ᠢᠯᠭᠠᠬᠤ ᠳᠤ ᠮᠧᠬᠠᠨᠢᠭ | ᠡᠯᠡᠰᠦᠨ ᠬᠠᠯᠬᠠᠪᠴᠢ᠂ ᠠᠮᠢᠳᠤ ᠪᠣᠳᠠᠰ ᠤᠨ ᠡᠯᠡᠰᠦᠨ ᠰᠠᠭᠠᠳ ᠢ ᠢᠯᠭᠠᠨ ᠭᠠᠷᠭᠠᠵᠤ᠂ ᠰᠠᠯᠬᠢᠨ ᠤ ᠢᠳᠡᠭᠳᠡᠯ ᠤᠨ | ᠬᠠᠷᠰᠢᠯᠠᠯ ᠢ ᠪᠠᠭᠠᠰᠬᠠᠵᠤ᠂ ᠤᠷᠭᠤᠮᠠᠯ ᠤᠨ ᠤᠷᠭᠤᠯᠲᠠ ᠶᠢᠨ ᠣᠷᠴᠢᠨ ᠲᠣᠭᠤᠷᠢᠨ ᠢ ᠰᠡᠷᠭᠦᠭᠡᠬᠦ ᠬᠡᠷᠡᠭᠲᠡᠢ᠃ | ᠡᠭᠦᠨ ᠤ ᠳᠤ ᠬᠠᠮᠲᠤ᠂ 1 ᠵᠢᠯ ᠤᠷᠭᠤᠭᠰᠠᠨ ᠪᠠ ᠣᠯᠠᠨ ᠨᠠᠰᠤᠲᠤ ᠤᠷᠭᠤᠮᠠᠯ ᠤᠨ ᠦᠷ᠎ᠡ᠂ ᠪᠤᠷᠴᠠᠭ ᠤᠨ ᠢᠵᠠᠭᠤᠷ | ᠪᠠ ᠦᠶᠡᠲᠦ ᠤᠷᠭᠤᠮᠠᠯ ᠤᠨ ᠢᠵᠠᠭᠤᠷ ᠤᠨ ᠤᠷᠭᠤᠮᠠᠯ ᠤᠨ ᠦᠷ᠎ᠡ ᠶᠢ ᠬᠤᠯᠢᠯᠳᠤᠭᠤᠯᠤᠨ ᠲᠠᠷᠢᠵᠤ᠂ 1 ᠵᠢᠯ ᠤᠨ | ᠤᠷᠭᠤᠮᠠᠯ ᠲᠦᠷᠭᠡᠨ ᠤᠷᠭᠤᠬᠤ ᠶᠢᠨ ᠬᠠᠮᠲᠤ ᠭᠠᠵᠠᠷ ᠤᠨ ᠭᠠᠳᠠᠷᠭᠤ ᠶᠢᠨ ᠪᠠᠶᠢᠴᠠᠭᠠᠯᠲᠠ ᠪᠠ ᠲᠤᠭ᠎ᠠ ᠪᠠᠷᠢᠮᠲᠠ | ᠴᠤᠭᠯᠠᠭᠤᠯᠬᠤ ᠲᠠᠢ ᠤᠶᠠᠯᠳᠤᠭᠤᠯᠤᠨ᠂ ᠤᠯᠠᠭᠠᠢ ᠨᠤᠲᠤᠭ ᠪᠡᠯᠴᠢᠭᠡᠷ ᠤᠨ ᠰᠢᠰᠲ᠋ᠧᠮ ᠢ ᠰᠡᠷᠭᠦᠭᠡᠬᠦ ᠪᠠ ᠰᠢᠨᠵᠢᠯᠡᠬᠦ | ᠤᠬᠠᠭᠠᠨᠴᠢ ᠪᠠᠷ ᠬᠠᠮᠠᠭᠠᠯᠠᠬᠤ ᠶᠢ ᠨᠠᠷᠢᠯᠢᠭ ᠣᠨᠣᠴᠠᠲᠠᠢ ᠵᠢᠯᠣᠭᠤᠳᠤᠨ᠎ᠠ᠃ | ᠨᠤᠲᠤᠭ ᠤᠨ ᠦᠷ᠎ᠡ ᠶᠢᠨ ᠢᠷᠡᠯᠲᠡ ᠪᠣᠯ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠨᠢᠨ ᠳᠡᠭᠡᠷ᠎ᠡ ᠨᠢ ᠠᠮᠢ ᠠᠬᠤᠢ ᠶᠢ ᠰᠡᠷᠭᠦᠭᠡᠬᠦ ︽ᠫᠤᠤ ᠵᠡᠪᠰᠡᠭ︾ | ᠪᠣᠯᠣᠨ᠎ᠠ᠃ 2023 ᠣᠨ ᠳᠤ᠂ ᠤᠯᠠᠭᠠᠢ ᠬᠠᠮᠢᠶᠠᠷᠤᠯᠲᠠ ᠶᠢᠨ ᠣᠷᠣᠨ ᠤ ᠰᠠᠯᠬᠢᠨ ᠳᠤ ᠢᠳᠡᠭᠳᠡᠭᠰᠡᠨ ᠨᠦᠬᠡ ᠶᠢ | ᠰᠡᠷᠭᠦᠭᠡᠨ ᠵᠠᠰᠠᠬᠤ ᠲᠦᠷᠦᠯ ᠵᠦᠢᠯ ᠬᠡᠰᠡᠭ ᠠᠭᠤᠯᠠ ᠮᠠᠯᠵᠢᠯ ᠤᠨ ᠲᠠᠯᠠᠪᠠᠢ ᠶᠢᠨ 1966 ᠣᠨ ᠤ ᠭᠠᠵᠠᠷ ᠰᠢᠷᠣᠢ | ᠳᠡᠭᠡᠷ᠎ᠡ ᠵᠠᠯᠭᠠᠭ᠎ᠠ ᠪᠠᠷ ᠶᠠᠪᠤᠭᠳᠠᠵᠤ᠂ ᠰᠢᠨ᠎ᠡ ᠮᠠᠲ᠋ᠧᠷᠢᠶᠠᠯ ᠤᠨ ᠤᠷᠭᠤᠮᠠᠯ ᠤᠨ ᠰᠢᠷᠬᠡᠭ ᠤᠨ ᠰᠡᠮᠡᠳᠡᠰᠦ ᠪᠠ ᠦᠷ᠎ᠡ ᠨᠢ | ᠨᠢᠮᠭᠡᠨ ᠨᠢᠭᠡ ᠴᠣᠭᠴᠠᠲᠤ ᠮᠠᠰᠢᠨ ᠨᠢ ᠤᠯᠠᠭᠠᠢ ᠨᠤᠲᠤᠭ ᠳᠡᠪᠢᠰᠬᠡᠷ ᠤᠨ ᠦᠷ᠎ᠡ ᠶᠢ ᠪᠠᠰᠠ ᠨᠢᠭᠡ ᠤᠳᠠᠭ᠎ᠠ ᠤᠯᠠᠭᠠᠢ | ᠭᠠᠵᠠᠷ ᠲᠤ ᠪᠤᠴᠠᠭᠠᠳ᠂ ᠤᠷᠭᠤᠮᠠᠯ ᠤᠨ ᠪᠦᠷᠬᠦᠴᠡ ᠶᠢᠨ ᠲᠣᠭᠲᠠᠭᠤᠨ ᠴᠢᠨᠠᠷ ᠪᠠ ᠣᠯᠠᠨ ᠶᠠᠩᠵᠤᠲᠤ ᠴᠢᠨᠠᠷ ᠢ | ᠤᠯᠠᠮ ᠨᠢᠭᠡ ᠠᠯᠬᠤᠮ ᠬᠠᠮᠠᠭᠠᠯᠠᠪᠠ᠃ ᠣᠶᠢᠷ᠎ᠠ ᠶᠢᠨ 5 ᠵᠢᠯ ᠳᠤ᠂ ᠤᠯᠠᠭᠠᠢ ᠪᠠᠶᠢᠭᠠᠯᠢ ᠶᠢᠨ ᠨᠤᠲᠤᠭ ᠪᠡᠯᠴᠢᠭᠡᠷ ᠤᠨ | ᠳᠤᠮᠳᠠᠴᠢ ᠥᠨᠳᠥᠷ ᠨᠢ 24.18 ᠰᠠᠨᠲ᠋ᠢᠮᠧᠲᠷ᠂ ᠪᠦᠷᠬᠦᠴᠡ ᠶᠢᠨ ᠬᠡᠮᠵᠢᠶ᠎ᠡ ᠨᠢ 75.29% ᠳᠤ ᠬᠦᠷᠴᠦ᠂ | ᠰᠣᠷᠭᠤᠭ ᠡᠪᠡᠰᠦᠨ ᠤ ᠭᠠᠷᠤᠯᠲᠠ᠂ ᠬᠠᠭᠤᠷᠠᠢ ᠡᠪᠡᠰᠦᠨ ᠤ ᠭᠠᠷᠤᠯᠲᠠ ᠨᠢ ᠮᠦ ᠪᠦᠷᠢ ᠳᠤ 261.42 ᠺᠢᠯᠣᠭ᠍ᠷᠠᠮ᠂ | 114.48 ᠺᠢᠯᠣᠭ᠍ᠷᠠᠮ᠂ ᠪᠥᠬᠦ ᠠᠶᠢᠮᠠᠭ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠬᠡᠭᠡᠷ᠎ᠡ ᠶᠢᠨ | ᠤᠷᠭᠤᠮᠠᠯ 81 ᠢᠵᠠᠭᠤᠷ ᠤᠨ 328 ᠲᠥᠷᠥᠯ ᠤᠨ 850 ᠲᠥᠷᠥᠯ ᠳᠤ ᠬᠦᠷᠪᠡ᠃ | ᠡᠭᠦᠨ ᠠᠴᠠ ᠭᠠᠳᠠᠨ᠎ᠠ᠂ ᠤᠯᠠᠭᠠᠢ ᠬᠠᠮᠢᠶᠠᠷᠤᠯᠲᠠ ᠶᠢᠨ ᠣᠷᠣᠨ ᠬᠠᠷᠢᠶᠠᠲᠤ ᠣᠷᠣᠨ ᠤ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠬᠡᠵᠦ᠂ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠪᠢᠲᠡᠭᠦᠮᠵᠢᠯᠡᠨ | ᠰᠢᠯᠵᠢᠭᠦᠯᠬᠦ᠂ ᠪᠡᠯᠴᠢᠭᠡᠷ ᠮᠠᠯ ᠤᠨ ᠲᠡᠩᠴᠡᠭᠦᠷᠢ ᠶᠢᠨ ᠬᠠᠮᠢᠶᠠᠷᠤᠯᠲᠠ ᠵᠡᠷᠭᠡ ᠶᠡᠷᠦᠩᠬᠡᠶᠢᠯᠡᠭᠰᠡᠨ ᠴᠢᠨᠠᠷᠲᠠᠢ ᠵᠠᠰᠠᠬᠤ | ᠠᠷᠭ᠎ᠠ ᠬᠡᠮᠵᠢᠶ᠎ᠡ ᠶᠢ ᠶᠡᠭᠡ ᠬᠦᠴᠦᠨ ᠢᠶᠠᠷ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠡᠬᠢ ᠰᠣᠷᠪᠣᠯᠵᠢ ᠶᠢ ᠬᠠᠮᠠᠭᠠᠯᠠᠨ | ᠦᠷᠡᠵᠢᠭᠦᠯᠬᠦ ᠵᠡᠷᠭᠡ ᠣᠯᠠᠨ ᠳᠦᠷᠦᠯ ᠤᠨ ᠠᠵᠢᠯ ᠢ ᠭᠦᠨᠵᠡᠭᠡᠢ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ | ᠡᠬᠢ ᠪᠠᠶᠠᠯᠢᠭ ᠢ ᠬᠠᠮᠠᠭᠠᠯᠠᠬᠤ ᠣᠷᠳᠣ ᠬᠤᠭᠤᠴᠠᠭᠠᠨ ᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠪᠡᠯᠴᠢᠭᠡᠷ | ᠮᠠᠯ ᠤᠨ ᠲᠡᠩᠴᠡᠭᠦᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠡᠯᠴᠢᠭᠡᠷ ᠰᠡᠷᠭᠦᠭᠡᠬᠦ ᠵᠡᠷᠭᠡ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠨᠤᠲᠤᠭ ᠪᠡᠯᠴᠢᠭᠡᠷ ᠤᠨ ᠠᠮᠢ | ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠲᠣᠭᠲᠠᠭᠤᠨ | ᠳᠡᠬᠡᠭᠰᠢᠯᠡᠬᠦᠯᠬᠦ ᠶᠢ ᠠᠬᠢᠭᠤᠯᠤᠨ᠎ᠠ᠃ | | |