ᠵᠠᠬ᠎ᠠ ᠳᠡᠯᠭᠡᠭᠦᠷ ᠤᠨ ︽ᠴᠢᠳᠬᠦᠷ ᠤᠨ ᠵᠢᠩᠯᠡᠭᠦᠷ︾ ᠢ ᠭᠡᠨᠡᠳᠡᠭᠦᠯᠦᠨ ᠪᠠᠶᠢᠴᠠᠭᠠᠵᠤ᠂ ᠬᠡᠮᠵᠢᠭᠳᠡᠯ ᠳᠤ ᠴᠢᠩᠭ᠎ᠠ ᠴᠣᠬᠢᠯᠲᠠ ᠥᠭᠴᠦ ᠭᠡᠮ ᠬᠢᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ - ᠤᠯᠠᠭᠠᠢ ᠬᠠᠮᠢᠶᠠᠷᠤᠯᠲᠠ ᠶᠢᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯᠧᠺᠲᠷᠣᠨ ᠦᠨ᠎ᠡ ᠪᠣᠳᠣᠵᠤ ᠵᠢᠩᠯᠡᠭᠦᠷ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/28

    ᠬᠡᠮᠵᠢᠭᠦᠷ ᠲᠤ ᠭᠡᠮ ᠬᠢᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂

ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠣᠯᠠᠨ ᠲᠦᠮᠡᠨ ᠤ

ᠠᠩᠬᠠᠷᠴᠤ ᠪᠠᠶᠢᠭ᠎ᠠ ᠬᠡᠮᠵᠢᠶ᠎ᠡ ᠪᠠᠷ ᠨᠡᠯᠢᠶᠡᠳ ᠥᠨᠳᠥᠷ ︽ᠴᠢᠳᠬᠦᠷ ᠤᠨ ᠵᠢᠩᠯᠡᠭᠦᠷ︾ ᠤᠨ ᠠᠰᠠᠭᠤᠳᠠᠯ ᠳᠤ

ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠪᠠ ᠰᠢᠯᠢ ᠶᠢᠨ ᠭᠤᠣᠯ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ

ᠳᠡᠯᠭᠡᠭᠦᠷ᠂ ᠵᠢᠮᠢᠰ ᠤᠨ ᠳᠡᠯᠭᠡᠭᠦᠷ᠂ ᠬᠠᠲᠠᠭᠠᠭᠰᠠᠨ ᠵᠢᠮᠢᠰ ᠤᠨ ᠳᠡᠯᠭᠡᠭᠦᠷ᠂ ᠪᠣᠭᠤᠷᠰᠤᠭ ᠤᠨ ᠳᠡᠯᠭᠡᠭᠦᠷ᠂ ᠪᠣᠯᠭᠤᠭᠰᠠᠨ

ᠢᠳᠡᠭᠡᠨ ᠤ ᠳᠡᠯᠭᠡᠭᠦᠷ᠂ ᠮᠢᠬᠠᠨ ᠢᠳᠡᠭᠡᠨ ᠤ ᠡᠵᠡᠩᠨᠡᠯᠲᠡ ᠶᠢᠨ ᠡᠷᠦᠬᠡ᠂ ᠳᠡᠯᠭᠡᠭᠦᠷᠴᠢᠨ ᠵᠡᠷᠭᠡ ᠡᠵᠡᠩᠨᠡᠯᠲᠡ ᠶᠢᠨ

ᠭᠤᠣᠯ ᠴᠣᠭᠴᠠ ᠳᠤ ᠭᠦᠨᠵᠡᠭᠡᠶᠢᠷᠡᠨ ᠭᠡᠨᠡᠳᠲᠡ ᠶᠢᠨ ᠪᠠᠶᠢᠴᠠᠭᠠᠯᠲᠠ ᠬᠢᠵᠦ᠂ ᠢᠯᠡ ᠪᠠᠷ ᠪᠠᠶᠢᠴᠠᠭᠠᠵᠤ ᠳᠠᠯᠳᠠᠭᠤᠷ

ᠰᠤᠷᠪᠤᠯᠵᠢᠯᠠᠬᠤ ᠬᠡᠯᠪᠡᠷᠢ ᠪᠠᠷ ᠳᠠᠮᠵᠢᠭᠤᠯᠤᠨ ᠡᠯᠧᠺᠲᠷᠣᠨ ᠦᠨ᠎ᠡ ᠪᠤᠳᠤᠬᠤ ᠵᠢᠩᠯᠡᠭᠦᠷ ᠢ ᠴᠡᠭᠴᠡᠯᠡᠨ ᠵᠠᠰᠠᠬᠤ

ᠠᠵᠢᠯᠯᠠᠭ᠎ᠠ ᠥᠷᠨᠢᠭᠦᠯᠪᠡ᠃

    ᠬᠠᠤᠯᠢ ᠬᠡᠷᠡᠭᠵᠢᠭᠦᠯᠬᠦ ᠠᠵᠢᠯᠲᠠᠨ ᠪᠠᠷᠢᠮᠵᠢᠶ᠎ᠠ ᠲᠠᠤᠬᠠᠢ ᠵᠢᠩᠯᠡᠭᠦᠷ ᠢᠶᠠᠨ ᠠᠪᠴᠤ ᠬᠤᠳᠠᠯᠳᠤᠭᠠᠴᠢᠨ ᠤ

ᠡᠯᠧᠺᠲᠷᠣᠨ ᠦᠨ᠎ᠡ ᠶᠢᠨ ᠵᠢᠩᠯᠡᠭᠦᠷ ᠢᠶᠠᠷ ᠨᠢᠭᠡ ᠨᠢᠭᠡ ᠪᠠᠷ ᠬᠦᠨᠳᠦ ᠶᠢ ᠰᠢᠯᠭᠠᠨ ᠪᠠᠶᠢᠴᠠᠭᠠᠵᠤ᠂ ᠡᠯᠧᠺᠲᠷᠣᠨ

ᠦᠨ᠎ᠡ ᠶᠢᠨ ᠵᠢᠩᠯᠡᠭᠦᠷ ᠲᠤ ᠬᠡᠮᠵᠢᠯᠲᠡ ᠶᠢᠨ ᠪᠠᠶᠢᠴᠠᠭᠠᠨ ᠲᠣᠭᠲᠠᠭᠠᠯᠲᠠ ᠶᠢᠨ ᠬᠢᠷᠢ ᠲᠡᠩᠴᠡᠭᠰᠡᠨ ᠲᠡᠮᠳᠡᠭ ᠪᠠᠶᠢᠬᠤ

ᠡᠰᠡᠬᠦ᠂ ᠬᠠᠤᠯᠢ ᠪᠤᠰᠤ ᠠᠷᠭ᠎ᠠ ᠪᠠᠷᠢᠯ ᠢ ᠠᠰᠢᠭᠯᠠᠨ ᠬᠡᠮ ᠬᠢᠬᠦ ᠲᠣᠨᠣᠭᠯᠠᠯ ᠨᠡᠮᠡᠵᠦ ᠤᠭᠰᠠᠷᠠᠭᠰᠠᠨ ᠠᠴᠠ ᠪᠣᠯᠵᠤ

ᠬᠡᠮᠵᠢᠯᠲᠡ ᠶᠢᠨ ᠬᠡᠮ ᠬᠢᠭᠰᠡᠨ ᠡᠰᠡᠬᠦ ᠠᠴᠠ ᠪᠣᠯᠵᠤ ᠵᠢᠩ ᠳᠤᠲᠠᠭᠳᠠᠬᠤ ᠦᠢᠯᠡ ᠠᠵᠢᠯᠯᠠᠭ᠎ᠠ ᠪᠠᠶᠢᠬᠤ ᠡᠰᠡᠬᠦ᠂

ᠬᠡᠷᠡᠭᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠮᠡᠬᠡᠯᠡᠬᠦ ᠪᠠ ᠬᠤᠬᠢᠷᠠᠭᠤᠯᠬᠤ ᠵᠡᠷᠭᠡ ᠬᠠᠤᠯᠢ ᠠᠴᠠ

ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠬᠠᠤᠯᠢ

ᠬᠡᠷᠡᠭᠵᠢᠭᠦᠯᠬᠦ ᠠᠵᠢᠯᠲᠠᠨ ᠡᠵᠡᠩᠨᠡᠭᠴᠢᠳ ᠲᠤ ᠬᠡᠮᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ

ᠬᠡᠮᠵᠢᠯᠲᠡ ᠶᠢᠨ ᠶᠡᠷᠦ ᠶᠢᠨ ᠮᠡᠳᠡᠯᠭᠡ ᠶᠢ ᠢᠳᠡᠪᠬᠢᠲᠡᠢ ᠪᠠᠷ ᠤᠬᠠᠭᠤᠯᠤᠨ ᠲᠠᠶᠢᠯᠪᠤᠷᠢᠯᠠᠵᠤ᠂ ᠡᠵᠡᠩᠨᠡᠯᠲᠡ ᠶᠢᠨ

ᠡᠷᠦᠬᠡ ᠶᠢ ᠰᠢᠮᠳᠠᠭᠤᠯᠤᠨ ᠬᠡᠮᠵᠢᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂

ᠡᠵᠡᠩᠨᠡᠯᠲᠡ ᠶᠢᠨ ᠡᠷᠦᠬᠡ ᠶᠢᠨ ᠦᠨᠡᠨᠴᠢ ᠢᠲᠡᠭᠡᠮᠵᠢᠲᠡᠢ ᠪᠠᠷ ᠬᠡᠮᠵᠢᠬᠦ᠂ ᠬᠠᠤᠯᠢ ᠶᠢ ᠰᠠᠬᠢᠵᠤ ᠡᠵᠡᠩᠨᠡᠬᠦ ᠶᠢ ᠬᠥᠲᠥᠯᠥᠨ

ᠵᠢᠯᠣᠭᠤᠳᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠡᠵᠡᠩᠨᠡᠯᠲᠡ ᠶᠢᠨ ᠨᠢᠭᠡᠴᠡ᠂ 26 ᠡᠯᠧᠺᠲᠷᠣᠨ

ᠵᠢᠩᠯᠡᠭᠦᠷ ᠢ ᠭᠡᠨᠡᠳᠡᠭᠦᠯᠦᠨ ᠪᠠᠶᠢᠴᠠᠭᠠᠵᠤ᠂ ᠪᠠᠶᠢᠴᠠᠭᠠᠯᠲᠠ ᠬᠢᠬᠦ ᠪᠠᠷ ᠳᠠᠮᠵᠢᠭᠠᠳ ᠵᠢᠩ ᠯᠠᠩ ᠳᠤᠲᠠᠭᠤ ᠵᠢᠴᠢ

︽ᠴᠢᠳᠬᠦᠷ  ᠤᠨ ᠵᠢᠩᠯᠡᠭᠦᠷ︾ ᠤᠨ ᠠᠵᠢᠯᠯᠠᠭ᠎ᠠ ᠶᠢ ᠢᠯᠡᠷᠡᠭᠦᠯᠦᠭᠰᠡᠨ ᠦᠭᠡᠢ᠃

    ᠲᠠᠷᠠᠭᠠᠴᠢ ᠶᠢᠨ ᠠᠯᠬᠤᠮ ᠳᠤ᠂ ᠤᠯᠠᠭᠠᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ

ᠳᠡᠭᠡᠳᠦ ᠱᠠᠲᠤᠨ ᠤ ᠪᠠᠶᠢᠷᠢᠯᠠᠭᠤᠯᠤᠯᠲᠠ ᠶᠣᠰᠣᠭᠠᠷ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂

ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠬᠡᠮᠵᠢᠯᠲᠡ ᠳᠤ

ᠬᠡᠮ ᠬᠢᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠨᠠᠨ

ᠬᠠᠮᠢᠶᠠᠷᠬᠤ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠨ᠂

ᠦᠨᠡᠨᠴᠢ ᠢᠲᠡᠭᠡᠮᠵᠢᠲᠡᠢ ᠬᠡᠮᠵᠢᠯᠲᠡ᠂ ᠲᠥᠪ ᠭᠤᠤᠯᠴᠢ ᠵᠢᠷᠤᠮᠵᠢᠭᠰᠠᠨ ᠵᠠᠬ᠎ᠠ ᠳᠡᠯᠭᠡᠭᠦᠷ ᠤᠨ ᠠᠷᠠᠯᠵᠢᠶᠠᠨ ᠤ ᠡᠮᠬᠢ

ᠳᠢᠭᠯᠢᠮ ᠢ ᠴᠢᠷᠮᠠᠶᠢᠨ ᠪᠣᠶ ᠪᠣᠯᠭᠠᠵᠤ᠂ ᠣᠯᠠᠨ ᠲᠦᠮᠡᠨ ᠢ ᠰᠡᠳᠬᠢᠯ ᠵᠢᠷᠦᠬᠡᠨ ᠳᠤᠨᠢ ᠬᠠᠳᠠᠩᠰᠢᠭᠤᠯᠤᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号