ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠵᠤ᠂ ᠬᠤᠲᠠ ᠪᠠᠯᠭᠠᠰᠤᠨ ᠤ | ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠣᠯᠭᠠᠨ᠎ᠠ — ᠡᠨᠡ ᠪᠣᠯ 5 ᠤ | ᠡᠳᠦᠷ ᠤᠨ ᠬᠢᠨᠠᠨ ᠵᠥᠪᠯᠡᠭᠦᠯᠬᠦ ᠪᠠᠷ ᠳᠡᠪᠰᠢᠭᠦᠯᠦᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠲᠣᠬᠢᠷᠠᠭᠤᠯᠤᠭᠰᠠᠨ 2024 ᠣᠨ ᠤ ᠠᠵᠢᠯ ᠣᠯᠭᠤᠯᠲᠠ ᠶᠢᠨ ᠵᠢᠱᠢᠭᠰᠡᠨ ᠬᠠᠷᠠᠯᠲᠠ ᠪᠣᠯᠣᠨ᠎ᠠ᠃ | ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠬᠡᠪᠴᠢᠶ᠎ᠡ ᠶᠢ ᠨᠢᠳᠤᠨᠤᠨ ᠤ | ︽1200 ᠲᠦᠮᠡ ᠣᠷᠴᠢᠮ︾ ᠪᠠᠶᠢᠭᠰᠠᠨ ᠠᠴᠠ ᠡᠨᠡ ᠵᠢᠯ ᠤᠨ ︽1200 ᠲᠦᠮᠡ ᠠᠴᠠ ᠳᠡᠭᠡᠭᠰᠢ︾ ᠪᠣᠯᠭᠠᠨ | ᠲᠣᠬᠢᠷᠠᠭᠤᠯᠵᠤ᠂ ᠨᠡᠩ ᠢᠳᠡᠪᠬᠢᠲᠡᠢ ᠠᠵᠢᠯ ᠣᠯᠭᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠭᠰᠠᠨ ᠨᠢ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠬᠥᠪᠴᠢᠯᠡᠬᠦ ᠨᠡᠩ ᠶᠡᠭᠡ ᠡᠷᠴᠢᠮ ᠲᠠᠢ ᠳᠣᠬᠢᠶ᠎ᠠ ᠶᠢ | ᠳᠠᠮᠵᠢᠭᠤᠯᠪᠠ᠃ | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠪᠠᠰᠠ ᠴᠤ ᠠᠵᠤ ᠠᠬᠤᠢ ᠶᠢᠨ | ᠬᠥᠭᠵᠢᠯᠲᠡ ᠶᠢᠨ ᠬᠠᠮᠤᠭ ᠤᠨ ᠦᠨᠳᠦᠰᠦᠨ ᠲᠤᠯᠭᠠᠭᠤᠷᠢ ᠪᠣᠯᠣᠨ᠎ᠠ᠃ ᠡᠨᠡ ᠵᠢᠯ ᠤᠨ ᠬᠠᠷᠠᠯᠲᠠ ᠪᠠᠨ ᠶᠠᠭᠤᠨ ᠳᠤ | ᠢᠩᠭᠢᠵᠦ ᠲᠣᠭᠲᠠᠭᠠᠭᠰᠠᠨ ᠪᠤᠢ︖ | ︽ᠡᠨᠡ ᠨᠢ ᠠᠷᠠᠳ ᠤᠨ ᠠᠮᠢᠳᠤᠷᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠶᠢ ᠬᠠᠷᠠᠭᠤᠯᠬᠤ ᠪᠥᠭᠡᠳ | ᠪᠣᠳᠠᠲᠤ ᠪᠠᠶᠢᠳᠠᠯ ᠳᠤ ᠰᠠᠭᠤᠷᠢᠯᠠᠨ ᠪᠣᠳᠣᠯᠬᠢᠯᠠᠭᠰᠠᠨ ᠶᠠᠪᠤᠳᠠᠯ ᠮᠥᠨ᠃︾ ᠪᠥᠬᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠢᠯᠡᠷᠬᠡᠶᠢᠯᠡᠬᠦ ᠳᠤ ᠪᠠᠨ᠂ | 2024 ᠣᠨ ᠤ ᠠᠵᠤ ᠠᠬᠤᠢ ᠶᠢᠨ ᠠᠵᠢᠯᠯᠠᠭᠠᠨ ᠤ ᠲᠦᠭᠰᠢᠭᠦᠷᠢ ᠪᠠ ᠥᠷᠢᠰᠦᠯᠳᠦᠭᠡᠨ ᠨᠡᠮᠡᠭᠳᠡᠵᠦ᠂ | ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠳᠠᠷᠤᠭᠠᠰᠤ ᠨᠡᠯᠢᠶᠡᠳ ᠶᠡᠭᠡ ᠪᠠᠶᠢᠭ᠎ᠠ ᠪᠠᠶᠢᠳᠠᠯ ᠳᠣᠣᠷ᠎ᠠ᠂ ᠡᠷᠬᠡᠪᠰᠢ | ᠣᠯᠠᠨ ᠲᠦᠮᠡᠨ ᠤ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠢᠯᠡᠷᠡᠭᠦᠯᠬᠦ | ᠬᠡᠷᠡᠭᠲᠡᠢ ᠭᠡᠵᠡᠢ᠃ | ᠡᠨᠡ ᠵᠢᠯ ᠬᠤᠳᠠ ᠪᠠᠯᠭᠠᠰᠤᠨ ᠳᠤ ᠠᠵᠢᠯ ᠣᠯᠬᠤ ᠴᠢᠬᠤᠯᠠᠲᠠᠢ ᠰᠢᠨ᠎ᠡ ᠪᠠᠷ ᠦᠰᠦᠨ ᠪᠣᠶᠢᠵᠢᠭᠰᠠᠨ | ᠬᠥᠳᠡᠯᠮᠦᠷᠢ ᠬᠦᠴᠦᠨ ᠦᠷᠭᠦᠯᠵᠢᠯᠡᠨ ᠥᠨᠳᠥᠷ ᠪᠠᠶᠢᠷᠢᠨ ᠳᠤ ᠪᠠᠶᠢᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠬᠡᠪᠴᠢᠶ᠎ᠡ ᠵᠢᠱᠢᠯᠲᠡ ᠪᠠᠷ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 1170 ᠲᠦᠮᠡᠨ | ᠬᠥᠮᠥᠨ ᠢ ᠳᠠᠪᠠᠭᠤ ᠶᠢᠨ ᠬᠠᠮᠲᠤ ᠪᠠᠰᠠ ᠦᠯᠡᠮᠵᠢ ᠤᠯᠠᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠬᠤ | ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠡᠶᠢᠮᠦ ᠠᠴᠠ ᠠᠵᠢᠯ ᠣᠯᠭᠤᠯᠲᠠ ᠶᠢᠨ ᠶᠡᠭᠡ ᠲᠠᠯ᠎ᠠ ᠶᠢ | ᠲᠣᠭᠲᠠᠪᠤᠷᠢᠵᠢᠭᠤᠯᠬᠤ ᠨᠢ ᠲᠤᠶᠢᠯ ᠤᠨ ᠵᠠᠩᠭᠢᠯᠠᠭ᠎ᠠ ᠪᠣᠯᠣᠨ᠎ᠠ᠃ | ᠡᠨᠡ ᠬᠦ ᠬᠠᠷᠠᠯᠲᠠ ᠶᠢ ᠪᠡᠶᠡᠯᠡᠭᠦᠯᠵᠦ ᠴᠢᠳᠠᠨ᠎ᠠ ᠦᠦ︖ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠵᠤ ᠠᠬᠤᠢ ᠶᠢᠨ ᠨᠡᠮᠡᠭᠳᠡᠯ ᠤᠨ ᠵᠢᠱᠢᠯᠲᠡ ᠶᠢᠨ | ᠬᠠᠷᠠᠯᠲᠠ ᠶᠢ 5% ᠣᠷᠴᠢᠮ ᠪᠠᠶᠢᠯᠭᠠᠨ᠎ᠠ ᠭᠡᠵᠦ ᠳᠤᠷᠠᠳᠪᠠ᠃ ᠡᠨᠡ ᠨᠢ ᠶᠠᠭ ᠠᠵᠢᠯ ᠣᠯᠭᠤᠯᠲᠠ ᠶᠢ ᠠᠬᠢᠭᠤᠯᠵᠤ | ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠬᠢ ᠬᠡᠷᠡᠭᠴᠡᠭᠡ ᠶᠢ ᠪᠣᠳᠣᠯᠬᠢᠯᠠᠭᠰᠠᠨ ᠶᠤᠮ᠃ | ︽ᠠᠵᠤ ᠠᠬᠤᠢ ᠶᠢᠨ ᠨᠡᠮᠡᠭᠳᠡᠯ ᠬᠢᠭᠡᠳ ᠠᠵᠢᠯ ᠣᠯᠭᠤᠯᠲᠠ ᠶᠢᠨ ᠬᠤᠯᠪᠣᠯᠳᠤᠨ ᠳᠠᠶᠢᠴᠢᠯᠠᠬᠤ ᠦᠢᠯᠡᠳᠦᠯ ᠠᠴᠠ | ᠦᠵᠡᠪᠡᠯ᠂ ᠠᠵᠤ ᠠᠬᠤᠢ ᠶᠢᠨ ᠨᠡᠮᠡᠭᠳᠡᠯ ᠤᠨ 1 ᠵᠠᠭᠤᠨ ᠤ ᠴᠡᠭ ᠨᠢ 200 ᠭᠠᠷᠤᠢ ᠲᠦᠮᠡᠨ ᠬᠥᠮᠥᠨ ᠤ ᠠᠵᠢᠯ | ᠣᠯᠭᠤᠯᠲᠠ ᠶᠢ ᠳᠠᠶᠢᠴᠢᠯᠠᠵᠤ ᠳᠡᠶᠢᠯᠦᠨ᠎ᠡ᠃︾ ᠭᠡᠰᠢᠭᠦᠨ ᠮᠦᠸᠧ ᠷᠦᠩ ᠬᠡᠯᠡᠭᠰᠡᠨ ᠨᠢ᠂ ᠡᠨᠡ ᠬᠡᠳᠦᠨ ᠵᠢᠯ ᠤᠨ | ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠢᠯᠠᠩᠭᠤᠶ᠎ᠠ ᠦᠢᠯᠡᠴᠢᠯᠡᠭᠡᠨ ᠤ ᠦᠢᠯᠡᠰ ᠤᠨ ᠲᠦᠷᠭᠡᠨ | ᠬᠥᠭᠵᠢᠯᠲᠡ ᠶᠢᠨ ᠳᠡᠭᠡᠷ᠎ᠡ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠤᠭᠰᠠᠨ ᠠᠴᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠲᠣᠭᠲᠠᠭᠤᠨ ᠢᠶᠠᠷ ᠴᠢᠩᠭᠠᠷᠠᠵᠠᠢ ᠭᠡᠪᠡ᠃ | ᠠᠵᠢᠯ ᠣᠯᠭᠤᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠡᠷᠭᠢᠴᠡᠭᠦᠯᠵᠦ ᠦᠵᠡᠪᠡᠯ᠂ ᠥᠩᠭᠡᠷᠡᠭᠰᠡᠨ | 3 ᠵᠢᠯ ᠳᠤ᠂ ᠮᠠᠨ ᠤ ᠤᠯᠤᠰ ᠤᠨ ᠵᠢᠯ ᠪᠦᠷᠢ ᠶᠢᠨ ᠪᠡᠶᠡᠯᠡᠭᠦᠯᠦᠭᠰᠡᠨ ᠬᠤᠳᠠ ᠪᠠᠯᠭᠠᠰᠤᠨ ᠤ ᠰᠢᠨ᠎ᠡ ᠪᠠᠷ ᠠᠵᠢᠯ | ᠣᠯᠣᠭᠰᠠᠨ ᠬᠥᠮᠥᠨ 1200 ᠲᠦᠮᠡ ᠶᠢ ᠳᠠᠪᠠᠵᠠᠢ᠃ 2023 ᠣᠨ ᠳᠤ GDP 5.2% ᠢᠶᠠᠷ ᠨᠡᠮᠡᠭᠳᠡᠵᠦ᠂ ᠪᠥᠬᠦ | ᠤᠯᠤᠰ ᠤᠨ 1244 ᠲᠦᠮᠡᠨ ᠬᠥᠮᠥᠨ ᠳᠤ ᠬᠤᠲᠠ ᠪᠠᠯᠭᠠᠰᠤᠨ ᠳᠤ ᠠᠵᠢᠯ ᠣᠯᠭᠤᠵᠤ᠂ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠤ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ ᠦᠷᠭᠦᠯᠵᠢᠯᠡᠨ ᠨᠡᠮᠡᠭᠳᠡᠵᠦ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠢᠬᠦ ᠬᠡᠪᠴᠢᠶ᠎ᠡ 3397 ᠲᠦᠮᠡᠨ ᠬᠥᠮᠥᠨ ᠳᠤ ᠬᠦᠷᠴᠡᠢ᠃ | 2024 ᠣᠨ ᠤ ᠠᠵᠢᠯ ᠣᠯᠭᠤᠯᠲᠠ ᠶᠢᠨ ᠬᠠᠷᠠᠯᠲᠠ ᠶᠢ ᠬᠡᠷᠬᠢᠨ ᠪᠡᠶᠡᠯᠡᠭᠦᠯᠬᠦ ᠪᠤᠢ︖ | — ᠡᠩ ᠲᠡᠷᠢᠭᠦᠨ ᠳᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠬᠤ | ᠬᠡᠷᠡᠭᠲᠡᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ | ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠦᠵᠡᠭᠦᠯᠬᠦ ᠳᠡᠮᠵᠢᠯᠭᠡ ᠶᠢ | ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ ᠡᠷᠴᠢᠮ ᠢ | ᠴᠢᠩᠭᠠᠷᠠᠭᠤᠯᠤᠨ᠎ᠠ ᠭᠡᠵᠦ ᠳᠤᠷᠠᠳᠪᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ | ᠵᠢᠭᠡᠯᠡᠯᠭᠡ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠤᠨ | ᠠᠵᠤ ᠠᠬᠤᠶᠢᠯᠠᠯ ᠢ ᠳᠡᠮᠵᠢᠬᠦ ᠪᠠᠨ ᠴᠢᠩᠭᠠᠳᠬᠠᠨ᠎ᠠ᠃ | — ᠳᠠᠷᠠᠭᠠᠯᠠᠪᠠᠯ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠶᠢ ᠬᠠᠪᠰᠤᠷᠤᠨ ᠲᠡᠳᠬᠦᠬᠦ ᠶᠢ | ᠳᠣᠪᠤᠶᠢᠯᠭᠠᠬᠤ ᠬᠡᠷᠡᠭᠲᠡᠢ᠃ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠵᠠᠯᠠᠭᠤᠴᠤᠳ ᠤᠨ ᠠᠵᠢᠯ ᠣᠯᠬᠤ ᠶᠢ ᠠᠬᠢᠭᠤᠯᠬᠤ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠣᠯᠵᠤ ᠦᠢᠯᠡᠰ ᠪᠣᠰᠬᠠᠬᠤ ᠶᠢ | ᠵᠢᠯᠤᠭᠤᠳᠬᠤ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ ᠲᠥᠯᠥᠪᠯᠡᠭᠡ ᠶᠢᠨ | ᠮᠡᠳᠡᠭᠦᠯᠦᠯᠲᠡ ᠳᠤ᠂ ᠲᠡᠷᠢᠭᠦᠨ ᠤ ᠦᠢᠯᠡᠳᠬᠦ ᠦᠢᠯᠡᠰ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠠᠵᠢᠯ ᠣᠯᠭᠤᠯᠲᠠ ᠶᠢᠨ ᠨᠡᠮᠡᠭᠳᠡᠯ ᠤᠨ ᠴᠡᠭ ᠢ ᠥᠷᠭᠡᠳᠬᠡᠨ᠎ᠡ᠃ ᠵᠠᠯᠠᠭᠤᠴᠤᠳ ᠤᠨ ᠠᠵᠢᠯ | ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠠᠯᠪᠠᠨ | ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠲᠥᠷᠥ ᠶᠢᠨ | ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ︵ᠡᠯᠰᠡᠬᠦ︶ ᠲᠣᠬᠢᠷᠠᠭᠤᠯᠤᠯᠲᠠ ᠶᠢ | ᠰᠢᠯᠢᠳᠡᠭᠵᠢᠭᠦᠯᠦᠨ᠎ᠡ ᠭᠡᠵᠦ ᠳᠤᠷᠠᠳᠪᠠ᠃ | ᠲᠥᠰᠥᠪ ᠤᠨ ᠮᠡᠳᠡᠭᠦᠯᠦᠯᠲᠡ ᠶᠢ ᠦᠨᠳᠦᠰᠦᠯᠡᠪᠡᠯ᠂ 2024 ᠣᠨ ᠳᠤ᠂ ᠲᠥᠪ ᠤᠨ ᠡᠳ᠋ ᠤᠨ ᠵᠠᠰᠠᠭ 667 | ᠳ᠋ᠦᠩᠰᠢᠭᠤᠷ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠲᠣᠬᠢᠷᠠᠭᠤᠯᠵᠤ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠶᠢᠨ | ᠠᠵᠢᠯ ᠣᠯᠵᠤ ᠦᠢᠯᠡᠰ ᠪᠣᠰᠬᠠᠬᠤ ᠶᠢ ᠭᠤᠣᠯᠳᠠᠯᠭ᠎ᠠ ᠲᠠᠢ ᠳᠡᠮᠵᠢᠬᠦ ᠪᠠᠷ ᠲᠥᠯᠥᠪᠯᠡᠵᠦ ᠪᠤᠢ᠃ | — ᠡᠭᠦᠨ ᠠᠴᠠ ᠭᠠᠳᠠᠨ᠎ᠠ᠂ ᠬᠠᠩᠭᠠᠯᠭ᠎ᠠ ᠬᠡᠷᠡᠭᠴᠡᠭᠡ ᠶᠢᠨ ᠵᠣᠬᠢᠴᠠᠯ ᠢ ᠴᠢᠩᠭᠠᠳᠬᠠᠵᠤ᠂ ᠠᠵᠢᠯ | ᠣᠯᠭᠤᠯᠲᠠ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ᠃ | ᠲᠥᠯᠥᠪᠯᠡᠭᠡ ᠶᠢᠨ ᠮᠡᠳᠡᠭᠦᠯᠦᠯᠲᠡ ᠳᠤ᠂ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠴᠢᠩᠭᠠᠳᠬᠠᠵᠤ᠂ ᠠᠮᠢᠳᠤᠯᠢᠭ ᠢᠶᠠᠷ ᠠᠵᠢᠯ ᠣᠯᠬᠤ ᠶᠢ ᠣᠯᠠᠨ ᠠᠷᠭ᠎ᠠ ᠵᠠᠮ ᠢᠶᠠᠷ ᠠᠬᠢᠭᠤᠯᠤᠨ᠎ᠠ᠃ | ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠪᠠᠶᠢᠷᠢᠰᠢᠭᠤᠯᠤᠯᠲᠠ ᠶᠢᠨ | ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ | ᠮᠡᠷᠭᠡᠵᠢᠯ ᠤᠨ ᠲᠣᠬᠢᠷᠠᠭᠤᠯᠤᠯᠲᠠ ᠪᠠ ᠴᠢᠳᠠᠪᠤᠷᠢᠲᠠᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠡᠩ | ᠵᠣᠬᠢᠴᠠᠭᠤᠯᠬᠤ ᠶᠢ ᠠᠬᠢᠭᠤᠯᠵᠤ᠂ ᠵᠠᠭᠤᠨ ᠲᠦᠮᠡᠨ ᠵᠠᠯᠠᠭᠤᠴᠤᠳ ᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ | ᠪᠣᠯᠪᠠᠰᠤᠷᠠᠯ ᠢ ᠥᠷᠨᠢᠭᠦᠯᠦᠨ᠎ᠡ ᠭᠡᠵᠦ ᠳᠤᠷᠠᠳᠪᠠ᠃ | | |