ᠴᠢᠶᠣᠤ ᠵᠢᠶᠠᠨ ᠴᠢᠶᠠᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠣᠳᠣᠨ ᠲᠠᠰ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/6/5
    4 ᠰᠠᠷ᠎ᠠ ᠶᠢᠨ 23᠎ ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠴᠢᠶᠣᠣ ᠵᠢᠶᠠᠨ ᠴᠢᠶᠠᠩ ᠪᠦᠯᠬᠦᠮ ᠳᠠᠭᠠᠭᠤᠯᠤᠨ ᠵᠢᠩ ᠱᠣ ᠺᠢᠨᠣ᠋ ᠶᠢᠨ ᠦᠢᠯᠡᠰ ︵ᠪᠡᠭᠡᠵᠢᠩ︶᠎ ᠤᠨ ᠬᠢᠵᠠᠭᠠᠷᠲᠤ ᠺᠣᠮᠫᠠᠨᠢ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ  ᠣᠶᠢᠯᠠᠭᠠᠭᠳᠠᠬᠤᠨ᠂ ᠡᠵᠡᠩᠨᠡᠯᠲᠡ ᠶᠢᠨ ᠵᠠᠭᠪᠤᠷ᠂ ᠲᠤᠬᠠᠶᠢᠯᠠᠭᠰᠠᠨ ᠠᠵᠢᠯ ᠤᠨ ᠪᠦᠲᠦᠴᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠳᠣᠨ ᠲᠡᠰ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠨᠡᠭᠡᠭᠡᠯᠲᠡ ᠪᠠ ᠺᠢᠨᠣ᠋ ᠲᠧᠯᠸᠢᠰ ᠰᠡᠭᠦᠳᠡᠷᠯᠡᠬᠦ ᠵᠡᠷᠭᠡ ᠬᠠᠮᠲᠤᠷᠠᠯᠴᠠᠭᠠᠨ ᠤ ᠵᠦᠢᠯᠡᠰ ᠤᠨ ᠲᠤᠬᠠᠢ ᠰᠠᠭᠤᠳᠠᠯ ᠤᠨ ᠬᠤᠷᠠᠯ ᠬᠤᠷᠠᠯᠳᠤᠪᠠ᠃ ᠵᠢᠩ ᠱᠥᠸᠧ ᠶᠢᠩ ᠶᠧ ᠬᠠᠷᠢᠭᠤᠴᠠᠯᠭᠠᠲᠠᠨ ᠵᠠᠩ ᠧᠨ ᠱᠥᠸᠧ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃     ᠴᠢᠶᠣᠤ ᠵᠢᠶᠠᠨ ᠴᠢᠶᠠᠩ ᠵᠢᠩ ᠱᠥᠸᠧ ᠶᠢᠩ ᠠᠵᠤ ᠦᠢᠯᠡᠰ ᠲᠤ ᠬᠠᠮᠢᠶᠠᠷᠤᠯᠲᠠ ᠶᠢᠨ ᠣᠷᠣᠨ ᠤ ᠺᠢᠨᠣ᠋ ᠲᠧᠯᠸᠢᠰ ᠰᠣᠶᠣᠯ ᠤᠨ ᠠᠵᠤ ᠦᠢᠯᠡᠰ ᠤᠨ ᠡᠬᠢ ᠪᠠᠶᠠᠯᠢᠭ ᠪᠣᠯᠣᠨ ᠵᠣᠴᠢᠳ ᠤᠨ ᠪᠠᠭᠤᠳᠠᠯ ᠤᠨ ᠬᠤᠳᠠᠯᠳᠤᠭᠠᠴᠢᠨ ᠤᠷᠢᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ ᠡᠮᠦᠨᠡᠬᠢ ᠬᠤᠭᠤᠴᠠᠭᠠᠨ ᠤ ᠵᠣᠯᠭᠠᠭᠤᠯᠵᠤ ᠰᠣᠯᠢᠯᠴᠠᠬᠤ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠤᠯᠠᠭᠠᠢ ᠥᠯᠢᠭᠡᠷ ᠢ ᠰᠠᠶᠢᠲᠤᠷ ᠶᠠᠷᠢᠵᠤ᠂ ᠬᠠᠮᠢᠶᠠᠷᠤᠯᠲᠠ ᠶᠢᠨ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃     ᠵᠠᠩ ᠧᠨ ᠱᠥᠸᠧ ᠢᠯᠡᠷᠬᠡᠶᠢᠯᠡᠬᠦ ᠳᠡᠭᠡᠨ᠂ ᠤᠯᠠᠭᠠᠢ ᠬᠠᠮᠢᠶᠠᠷᠤᠯᠲᠠ ᠶᠢᠨ ᠣᠷᠣᠨ ᠤ ᠭᠤᠶᠢᠳᠠ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ᠂ ᠭᠦᠨ ᠵᠤᠵᠠᠭᠠᠨ ᠰᠣᠶᠣᠯ ᠤᠨ ᠠᠭᠤᠯᠬᠤᠨ᠂ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠣᠳᠣᠨ ᠲᠠᠰ ᠤᠨ ᠪᠠᠭᠤᠳᠠᠯ ᠤᠨ ᠪᠡᠯᠡ ᠣᠷᠣᠭᠤᠯᠤᠯᠲᠠ᠂ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ᠂ ᠰᠣᠳᠣᠨ ᠺᠢᠨᠣ᠋ ᠲᠧᠯᠸᠢᠰ ᠤᠨ ᠪᠦᠲᠦᠭᠡᠯ ᠢ ᠳᠡᠯᠭᠡᠷᠡᠭᠦᠯᠬᠦ ᠵᠡᠷᠭᠡ ᠲᠠᠯ᠎ᠠ ᠪᠠᠷ ᠦᠨᠡᠨ ᠰᠡᠳᠬᠢᠯ ᠠᠴᠠ ᠪᠠᠨ ᠬᠠᠮᠲᠤᠷᠠᠯᠴᠠᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠬᠢᠯᠠᠰ ᠴᠡᠭ ᠢ  ᠬᠠᠮᠲᠤ ᠪᠠᠷ ᠪᠣᠶ  ᠪᠣᠯᠭᠠᠨ᠎ᠠ  ᠭᠡᠵᠡᠢ᠃    ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶᠠᠨ ᠤ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号