ᠴᠠᠩ ᠱᠧᠩ ᠬᠥᠬᠡᠬᠤᠲᠠ ᠳᠤ ᠬᠦᠷᠴᠦ ᠬᠤᠳᠠᠯᠳᠤᠭᠠᠴᠢᠨ ᠤᠷᠢᠬᠤ ᠤᠯᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2024/6/5
    5 ᠰᠠᠷ᠎ᠠ ᠶᠢᠨ 27 ᠤ ᠡᠳᠦᠷ᠂ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ ᠬᠦᠬᠡᠬᠤᠳᠠ ᠳᠤ ᠬᠦᠷᠴᠦ ᠥᠪᠥᠷ ᠮᠣᠩᠭᠤᠯ ᠤᠨ ᠡᠷᠳᠡᠨᠢ ᠮᠢᠬᠠᠨ ᠤ ᠲᠦᠷᠦᠯ ᠤᠨ ᠢᠳᠡᠬᠡᠨ ᠤ ᠬᠢᠵᠠᠭᠠᠷᠲᠤ ᠺᠣᠮᠫᠠᠨᠢ ᠲᠠᠢ ᠤᠯᠠᠭᠠᠨ ᠢᠳᠡᠭᠡᠨ ᠨᠠᠷᠢᠯᠢᠭ ᠡᠳ᠋ᠰᠢᠭᠦᠯᠦᠨ ᠬᠤᠳᠠᠯᠳᠤᠭᠠᠯᠠᠬᠤ ᠲᠦᠷᠦᠯ ᠵᠦᠢᠯ ᠢ ᠵᠥᠪᠳᠡᠯᠴᠡᠪᠡ᠃     ᠬᠤᠶᠠᠷ ᠲᠠᠯ᠎ᠠ ᠪᠠᠷ ᠢᠶᠠᠨ ᠡᠮᠦᠨᠡᠬᠢ ᠬᠤᠭᠤᠴᠠᠭᠠᠨ ᠤ ᠵᠣᠯᠭᠠᠭᠤᠯᠬᠤ ᠠᠵᠢᠯ ᠤᠨ ᠰᠠᠭᠤᠷᠢᠨ ᠳᠡᠭᠡᠷ᠎ᠡ᠂ ᠲᠤᠰ ᠤᠳᠠᠭ᠎ᠠ ᠶᠢᠨ ᠤᠯᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠲᠦᠷᠦᠯ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ᠂ ᠬᠠᠮᠲᠤᠷᠠᠯᠴᠠᠭᠠᠨ ᠤ ᠵᠠᠭᠪᠤᠷ᠂ ᠠᠵᠤ ᠦᠢᠯᠡᠰ ᠤᠨ ᠠᠭᠤᠰᠤᠯᠴᠠᠯ᠂ ᠰᠤᠳᠤᠯᠤᠨ ᠰᠤᠷᠤᠯᠴᠠᠬᠤ ᠵᠤᠭᠠᠴᠠᠯ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠭᠦᠨᠵᠡᠭᠡᠢ ᠶᠠᠷᠢᠯᠴᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ  ᠴᠢᠨᠠᠭᠰᠢᠳᠠ ᠠᠬᠢᠭᠤᠯᠵᠤ᠂ ᠡᠷᠲᠡᠬᠡᠨ ᠬᠠᠮᠲᠤᠷᠠᠯᠴᠠᠭᠠᠨ ᠤ ᠰᠠᠨᠠᠮᠵᠢ ᠪᠣᠯᠵᠣᠬᠤ ᠪᠠᠷ ᠴᠢᠷᠮᠠᠶᠢᠨ᠎ᠠ ᠭᠡᠵᠦ ᠢᠯᠡᠳᠬᠡᠪᠡ᠃     ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠰᠢᠨᠵᠢᠯᠡᠨ ᠪᠠᠶᠢᠴᠠᠭᠠᠪᠠ᠃
 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号