ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠴᠢᠶᠣᠤ ᠵᠢᠶᠠᠨ ᠴᠢᠶᠠᠩ | ᠪᠦᠯᠬᠦᠮ ᠳᠠᠭᠠᠭᠤᠯᠤᠨ ᠪᠡᠭᠡᠵᠢᠩ ᠤᠨ ᠵᠢᠩ ᠳ᠋ᠦᠩ ᠹᠠᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠳᠤ ᠬᠦᠷᠴᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠ ᠡᠨᠧᠷᠭᠢ ᠶᠢᠨ ᠠᠵᠤ | ᠦᠢᠯᠡᠰ ᠤᠨ ᠲᠤᠬᠠᠢ ᠰᠢᠨᠵᠢᠯᠡᠨ ᠪᠠᠶᠢᠴᠠᠭᠠᠵᠤ ᠵᠣᠯᠭᠠᠭᠤᠯᠵᠤ᠂ ᠪᠦᠯᠦᠭᠯᠡᠯ ᠤᠨ ᠶᠡᠷᠦᠩᠬᠡᠢ ᠬᠡᠯᠲᠡᠰ ᠪᠠ ᠡᠨᠧᠷᠭᠢ ᠶᠢᠨ | ᠠᠵᠤ ᠦᠢᠯᠡᠰ ᠤᠨ ᠲᠤᠬᠠᠢ ᠲᠣᠭᠤᠷᠢᠨ ᠦᠵᠡᠭᠰᠡᠨ ᠪᠥᠭᠡᠳ ᠲᠣᠰ ᠲᠣᠰ ᠤᠨ ᠳᠠᠪᠠᠭᠤᠯᠢᠭ ᠲᠠᠯ᠎ᠠ ᠶᠢᠨ ᠢᠶᠠᠨ | ᠲᠣᠭᠤᠷᠢᠨ ᠳᠤ᠂ ᠮᠡᠷᠭᠡᠵᠢᠯ᠂ ᠦᠢᠯᠡᠳᠬᠦᠨ ᠵᠢᠴᠢ ᠬᠡᠷᠡᠭᠯᠡᠭᠡᠨ ᠤ ᠦᠵᠡᠭᠳᠡᠯ ᠵᠡᠷᠭᠡ ᠣᠯᠠᠨ ᠲᠠᠯ᠎ᠠ ᠠᠴᠠ ᠶᠠᠷᠢᠯᠴᠠᠵᠤ | ᠰᠠᠨᠠᠯ ᠢᠶᠠᠨ ᠰᠣᠯᠢᠯᠴᠠᠪᠠ᠃ ᠵᠢᠩ ᠳ᠋ᠦᠩ ᠹᠠᠩ ᠪᠦᠯᠦᠭᠯᠡᠯ ᠤᠨ ᠨᠡᠭᠦᠷᠡᠰᠦᠲᠥ᠋ᠷᠥᠭᠴᠢ ᠦᠭᠡᠢ ᠶᠢᠨ ᠲᠥᠪ ᠤᠨ | ᠶᠡᠷᠦᠩᠬᠡᠢ ᠳᠠᠭᠠᠭᠠᠮᠠᠯ ᠵᠠᠩ ᠰᠢᠶᠣᠣ ᠮᠧᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠴᠢᠶᠣᠤ ᠵᠢᠶᠠᠨ ᠴᠢᠶᠠᠩ ᠵᠢᠩ ᠳ᠋ᠦᠩ ᠹᠠᠩ ᠪᠦᠯᠦᠭᠯᠡᠯ ᠳᠤ ᠬᠠᠮᠢᠶᠠᠷᠤᠯᠲᠠ ᠶᠢᠨ ᠣᠷᠣᠨ ᠤ ᠦᠨᠳᠦᠰᠦᠨ | ᠪᠠᠶᠢᠳᠠᠯ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠣᠨ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠲᠦᠷᠦᠯ ᠵᠦᠢᠯ ᠤᠨ ᠬᠥᠮᠥᠷᠭᠡ ᠶᠢ ᠨᠠᠷᠢᠨ ᠲᠠᠨᠢᠯᠴᠠᠭᠤᠯᠬᠤ ᠶᠢᠨ ᠬᠠᠮᠲᠤ ᠵᠢᠩ ᠳ᠋ᠦᠩ ᠹᠠᠩ ᠢ ᠤᠷᠢᠵᠤ | ᠤᠯᠠᠭᠠᠢ ᠨᠠᠭᠤᠷ ᠲᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠲᠡᠷᠡ᠂ ᠵᠢᠩ ᠳ᠋ᠦᠩ ᠹᠠᠩ | ᠡᠨᠧᠷᠭᠢ ᠶᠢᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶᠡᠨ ᠤ ᠠᠵᠤ ᠦᠢᠯᠡᠰ ᠤᠨ ᠬᠥᠭᠵᠢᠯᠲᠡ ᠶᠢᠨ | ᠬᠠᠨᠳᠤᠰᠢ ᠳᠤ ᠵᠣᠬᠢᠴᠠᠵᠤ᠂ ᠨᠡᠭᠦᠷᠡᠰᠦᠲᠥ᠋ᠷᠥᠭᠴᠢ ᠦᠭᠡᠢ ᠶᠡᠷᠦᠩᠬᠡᠶᠢᠯᠡᠭᠰᠡᠨ ᠡᠨᠧᠷᠭᠢ ᠶᠢᠨ ᠦᠢᠯᠡᠴᠢᠯᠡᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠣᠶᠤᠨᠴᠢ ᠡᠨᠧᠷᠭᠢ ᠶᠢᠨ | ᠬᠠᠮᠢᠶᠠᠷᠤᠯᠲᠠ ᠶᠢᠨ ᠰᠢᠰᠲ᠋ᠧᠮ ᠢ ᠠᠰᠢᠭᠯᠠᠵᠤ᠂ ︽ᠡᠬᠢ ᠡᠭᠦᠰᠦᠯ ᠠᠴᠠ ᠨᠢ ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠢ ᠠᠷᠢᠯᠭᠠᠬᠤ - ᠶᠠᠪᠤᠴᠠ ᠪᠠᠷ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ - ᠣᠶᠤᠨᠴᠢ | ᠬᠤᠭᠤᠯᠠᠢ ᠭᠤᠤᠷᠰᠤ ᠪᠠᠷ ᠨᠡᠭᠦᠷᠡᠰᠦᠲᠥ᠋ᠷᠥᠭᠴᠢ ᠶᠢ ᠪᠠᠭᠠᠰᠬᠠᠬᠤ︾ ᠠᠷᠭ᠎ᠠ ᠵᠠᠮ ᠢᠶᠠᠷ ᠵᠠᠬ᠎ᠠ ᠳᠡᠯᠭᠡᠭᠦᠷ ᠲᠤ ᠨᠢᠭᠡ | ᠦᠷᠳᠡᠭᠡᠯᠢᠭ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠭᠡᠢ ᠶᠡᠷᠦᠩᠬᠡᠶᠢᠯᠡᠭᠰᠡᠨ ᠡᠨᠧᠷᠭᠢ ᠶᠢᠨ ᠰᠢᠢᠳᠪᠦᠷᠢᠯᠡᠬᠦ | ᠲᠥᠰᠥᠯ ᠬᠠᠩᠭᠠᠨ᠎ᠠ ᠭᠡᠵᠦ ᠢᠯᠡᠳᠬᠡᠪᠡ᠃ ᠵᠢᠩ ᠳ᠋ᠦᠩ ᠹᠠᠩ ᠲᠠᠪᠴᠠᠩ ᠤᠨ ᠳᠠᠪᠠᠭᠤᠯᠢᠭ ᠢ ᠠᠰᠢᠭᠯᠠᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ᠂ ᠡᠨᠧᠷᠭᠢ ᠶᠢᠨ ᠠᠵᠤ ᠦᠢᠯᠡᠰ᠂ ᠰᠣᠶᠣᠯ ᠵᠤᠭᠠᠴᠠᠯ ᠤᠨ | ᠠᠵᠤ ᠦᠢᠯᠡᠰ ᠪᠣᠯᠣᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠵᠡᠷᠭᠡ ᠲᠠᠯ᠎ᠠ ᠪᠠᠷ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠰᠢᠨ᠎ᠡ | ᠬᠡᠯᠪᠡᠷᠢ ᠶᠢᠨ ᠦᠢᠯᠡᠳᠬᠦ ᠦᠢᠯᠡᠰ ᠤᠨ ᠲᠦᠷᠦᠯ ᠵᠦᠢᠯ ᠢ ᠬᠠᠮᠲᠤᠪᠠᠷ ᠨᠡᠭᠡᠭᠡᠨ ᠬᠥᠭᠵᠢᠭᠦᠯᠵᠦ᠂ ᠬᠠᠮᠢᠶᠠᠷᠤᠯᠲᠠ ᠶᠢᠨ | ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠵᠠᠩ ᠰᠢᠶᠣᠣ ᠮᠧᠩ ᠴᠢᠶᠣᠤ ᠵᠢᠶᠠᠨ ᠴᠢᠶᠠᠩ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠭᠰᠡᠨ | ᠪᠥᠭᠡᠳ ᠵᠢᠩ ᠳ᠋ᠦᠩ ᠹᠠᠩ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠪᠠ | ᠬᠥᠭᠵᠢᠯᠲᠡ ᠶᠢᠨ ᠦᠷ᠎ᠡ ᠪᠦᠲᠦᠭᠡᠯ ᠢᠶᠠᠨ ᠲᠠᠨᠢᠯᠴᠠᠭᠤᠯᠪᠠ᠃ ᠲᠡᠷᠡ᠂ ᠤᠯᠠᠭᠠᠢ ᠬᠠᠮᠢᠶᠠᠷᠤᠯᠲᠠ ᠶᠢᠨ ᠣᠷᠣᠨ ᠤ ᠠᠮᠢ | ᠠᠬᠤᠢ ᠣᠷᠴᠢᠨ ᠲᠣᠭᠤᠷᠢᠨ ᠰᠠᠶᠢᠨ᠂ ᠠᠵᠤ ᠦᠢᠯᠡᠰ ᠤᠨ ᠰᠠᠭᠤᠷᠢ ᠪᠠᠲᠤ ᠪᠠᠬᠢ᠂ ᠬᠤᠶᠠᠷ ᠲᠠᠯ᠎ᠠ ᠪᠠᠷ ᠢᠶᠠᠨ | ᠭᠦᠨᠵᠡᠭᠡᠢ ᠵᠣᠯᠭᠠᠭᠤᠯᠵᠤ᠂ ᠰᠣᠳᠣᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠨᠡᠭᠡᠭᠡᠨ ᠬᠥᠭᠵᠢᠭᠦᠯᠦᠯᠲᠡ᠂ | ᠲᠥᠯᠦᠪᠵᠢᠭᠦᠯᠭᠡ ᠶᠢᠨ ᠲᠥᠰᠥᠪᠯᠡᠯ᠂ ᠲᠣᠭᠠᠴᠢᠯᠠᠭᠰᠠᠨ ᠡᠵᠡᠩᠨᠡᠯᠲᠡ ᠵᠡᠷᠭᠡ ᠲᠠᠯ᠎ᠠ ᠪᠠᠷ ᠦᠨᠡᠨ ᠰᠡᠳᠬᠢᠯ ᠠᠴᠠ ᠪᠠᠨ | ᠬᠠᠮᠲᠤᠷᠠᠯᠴᠠᠵᠤ᠂ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠬᠢᠯᠠᠰ ᠴᠡᠭ ᠢ ᠬᠠᠮᠲᠤ ᠪᠠᠷ ᠴᠣᠭᠴᠠᠯᠠᠬᠤ ᠶᠢ | ᠬᠦᠰᠡᠵᠦ ᠪᠠᠶᠢᠨ᠎ᠠ ᠭᠡᠵᠡᠢ᠃ | ᠨᠠᠮ ᠵᠠᠰᠠᠭ ᠤᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ | ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃ | |