ᠴᠠᠩ ᠱᠧᠩ ᠪᠦᠯᠬᠦᠮ ᠳᠠᠭᠠᠭᠤᠯᠤᠨ ᠵᠡᠭᠦᠨ ᠬᠤᠶᠢᠲᠤ ᠶᠢᠨ ᠠᠲᠠᠷ ᠬᠠᠭᠠᠯᠪᠤᠷᠢᠯᠠᠯᠲᠠ ᠶᠢᠨ ᠣᠷᠣᠨ ᠳᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2024/6/5
    ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠠᠩ ᠱᠧᠩ ᠪᠦᠯᠬᠦᠮ ᠳᠠᠭᠠᠭᠤᠯᠤᠨ ᠬᠥᠯᠥᠨ ᠪᠦᠢᠷ᠂ ᠬᠠᠷᠠᠮᠥ᠋ᠷᠡᠨ᠂ ᠭᠢᠷᠢᠨ ᠳᠤ ᠬᠦᠷᠴᠦ ᠤᠯᠤᠰ ᠤᠨ ᠥᠮᠴᠢᠯᠡᠯᠲᠦ ᠠᠲᠠᠷ ᠬᠠᠭᠠᠯᠪᠤᠷᠢᠯᠠᠯᠲᠠ ︵ᠲᠠᠷᠢᠶᠠᠯᠠᠩ ᠮᠠᠯᠵᠢᠯ ᠤᠨ ᠲᠠᠯᠠᠪᠠᠢ︶ ᠶᠢᠨ ᠥᠭᠡᠷᠡᠴᠢᠯᠡᠯᠲᠡ ᠶᠢᠨ ᠲᠤᠷᠰᠢᠯᠭ᠎ᠠ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠸᠠᠩ ᠰᠢᠩ ᠺᠠᠢ ᠪᠡᠷ᠎ᠠ ᠪᠣᠯᠵᠤ ᠰᠢᠨᠵᠢᠯᠡᠨ ᠪᠠᠶᠢᠴᠠᠭᠠᠪᠠ᠃     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠣᠨᠴᠠ ᠰᠢᠪᠠᠷ ᠭᠤᠣᠯ ᠤᠨ ᠮᠠᠰᠢᠨ ᠮᠧᠬᠠᠨᠢᠭ ᠤᠨ ᠬᠤᠯᠪᠤᠭ᠎ᠠ᠂ ᠰᠢᠷᠠᠲᠠᠯ᠎ᠠ ᠤᠷᠭᠤᠮᠠᠯ ᠤᠨ ᠦᠢᠯᠡᠳᠪᠦᠷᠢ᠂ ᠮᠠᠢ ᠹᠦ᠋ ᠯᠤᠤ ᠪᠦᠷᠢᠨ ᠨᠤᠨᠳᠠᠭ ᠦᠢᠯᠡᠳᠪᠦᠷᠢᠯᠡᠬᠦ ᠱᠤᠭᠤᠮ᠂ ᠬᠠᠷᠠᠮᠥ᠋ᠷᠡᠨ ᠤ ᠤᠮᠠᠷᠠᠲᠤ ᠶᠢᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠲᠢᠶᠧ ᠯᠢ ᠲᠠᠷᠢᠶᠠᠯᠠᠩ ᠤᠨ ᠲᠠᠯᠠᠪᠠᠢ ᠶᠢᠨ ᠤᠰᠤᠨ ᠲᠤᠲᠤᠷᠭ᠎ᠠ ᠶᠢᠨ ᠭᠤᠣᠯ ᠡᠭᠦᠳᠦᠨ ᠪᠠᠶᠢᠭᠤᠯᠬᠤ ᠲᠣᠭᠤᠷᠢᠭ᠂ ᠺᠧᠨ ᠹᠧᠩ ᠲᠠᠷᠢᠶᠠᠨ ᠭᠠᠵᠠᠷ ᠤᠨ ᠦᠷ᠎ᠡ ᠡᠳ᠋ ᠤᠨ ᠡᠬᠢ ᠪᠠᠶᠠᠯᠢᠭ ᠢ ᠰᠤᠳᠤᠯᠤᠨ ᠨᠡᠭᠡᠭᠡᠬᠦ ᠲᠥᠪ᠂ ᠬᠢᠷᠢᠨ ᠤ ᠰᠦᠩ ᠶᠤᠸᠠᠨ ᠤ ᠴᠢᠶᠠᠨ ᠭᠦᠸᠧ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠠᠯᠪᠠᠨ ᠭᠡᠷ ᠤᠨ ᠨᠡᠶᠢᠭᠡᠮᠴᠢᠯᠡᠭᠰᠡᠨ ᠡᠭᠦᠷᠭᠡ ᠴᠢᠳᠠᠪᠬᠢ ᠶᠢᠨ ᠥᠭᠡᠷᠡᠴᠢᠯᠡᠯᠲᠡ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢᠨ ᠬᠠᠮᠲᠤ ᠡᠯ᠎ᠡ ᠭᠠᠵᠠᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠲᠠᠢ ᠰᠠᠨᠠᠯ ᠢᠶᠠᠨ ᠰᠣᠯᠢᠯᠴᠠᠨ ᠰᠤᠳᠤᠯᠤᠨ ᠶᠠᠷᠢᠯᠴᠠᠵᠤ᠂ ᠡᠯ᠎ᠡ ᠬᠠᠮᠢᠶ᠎ᠠ ᠪᠦᠬᠦᠢ ᠠᠲᠠᠷ ᠬᠠᠭᠠᠯᠪᠤᠷᠢᠯᠠᠯᠲᠠ ᠶᠢᠨ ᠣᠷᠣᠨ ᠵᠢᠴᠢ ᠲᠠᠷᠢᠶᠠᠯᠠᠩ ᠮᠠᠯᠵᠢᠯ ᠤᠨ ᠲᠠᠯᠠᠪᠠᠢ ᠶᠢᠨ ᠥᠭᠡᠷᠡᠴᠢᠯᠡᠯᠲᠡ ᠶᠢᠨ ᠶᠠᠪᠤᠴᠠ᠂ ᠬᠥᠭᠵᠢᠯᠲᠡ ᠶᠢᠨ ᠵᠠᠭᠪᠤᠷ᠂ ᠡᠵᠡᠩᠨᠡᠯᠲᠡ ᠬᠠᠮᠢᠶᠠᠷᠤᠯᠲᠠ ᠵᠡᠷᠭᠡ ᠲᠡᠷᠢᠭᠦᠨ ᠤ ᠲᠤᠷᠰᠢᠯᠭ᠎ᠠ ᠶᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠪᠠ᠃     ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠪᠠᠰᠠ ᠪᠡᠭᠡᠵᠢᠩ ᠤᠨ ᠰᠠᠨᠰᠠᠷ ᠤᠨ ᠠᠶᠠᠯᠠᠯ ᠤᠨ ᠾᠧᠩ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠡᠭᠡᠵᠢᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠰᠦᠢ ᠬᠤᠸᠠ ᠬᠤᠪᠢᠶᠠᠷᠢ ᠺᠣᠮᠫᠠᠨᠢ ᠪᠣᠯᠣᠨ ᠺᠧᠨ ᠹᠧᠩ ᠦᠷ᠎ᠡ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠮᠢᠺᠷᠣᠪ ᠤᠨ ᠪᠠᠺᠲ᠋ᠧᠷᠢ ᠶᠢᠨ ᠦᠢᠯᠡᠳᠬᠦᠨ᠂ ᠲᠠᠷᠢᠶᠠᠯᠠᠩ ᠤᠨ ᠮᠠᠰᠢᠨ  ᠪᠠᠭᠠᠵᠢ ᠶᠢᠨ ᠦᠢᠯᠡᠴᠢᠯᠡᠭᠡ᠂ ᠨᠡᠶᠢᠳᠡᠮ  ᠬᠡᠷᠡᠭᠯᠡᠭᠡᠨ  ᠤ ᠨᠢᠰᠬᠡᠯ ᠤᠨ ᠪᠠᠭᠤᠳᠠᠯ᠂ ᠦᠷ᠎ᠡ ᠶᠢᠨ ᠦᠢᠯᠡᠰ ᠤᠨ ᠲᠠᠷᠢᠮᠠᠯ ᠵᠡᠷᠭᠡ ᠲᠠᠯ᠎ᠠ ᠪᠠᠷ ᠬᠤᠳᠠᠯᠳᠤᠭᠠᠴᠢᠨ ᠤᠷᠢᠬᠤ ᠰᠣᠯᠢᠯᠴᠠᠭ᠎ᠠ ᠶᠢ ᠥᠷᠨᠢᠭᠦᠯᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠪᠠᠷ ᠴᠢᠷᠮᠠᠶᠢᠪᠠ᠃     ᠬᠠᠮᠢᠶᠠᠷᠤᠯᠲᠠ ᠶᠢᠨ ᠣᠷᠣᠨ ᠤ ᠨᠠᠮ ᠵᠠᠰᠠᠭ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠪᠠ ᠡᠯ᠎ᠡ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠵᠤ ᠰᠤᠷᠤᠯᠴᠠᠬᠤ ᠳᠤ ᠣᠷᠣᠯᠴᠠᠪᠠ᠃
 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号