︽︿ᠰᠢᠯᠢ ᠶᠢᠨ ᠭᠤᠣᠯ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠨ ᠵᠠᠰᠠᠬᠤ ᠲᠥᠰᠥᠯ﹀ ᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠰᠢᠯᠢ ᠶᠢᠨ ᠭᠤᠣᠯ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠠᠯᠪᠠᠨ ᠲᠠᠷᠬᠠᠭᠠᠭᠰᠠᠨ︹ 2020︺ 19 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢᠦᠨᠳᠦᠰᠦᠯᠡᠵᠦ᠂ ᠮᠠᠨ ᠤ ᠲᠣᠪᠴᠢᠶᠠᠨ ᠤ ᠪᠣᠳᠠᠲᠠᠢ ᠲᠠᠢ ᠤᠶᠠᠯᠳᠤᠭᠤᠯᠤᠨ᠂ ︽ᠤᠯᠠᠭᠠᠢ | ᠬᠠᠮᠢᠶᠠᠷᠤᠯᠲᠠ ᠶᠢᠨ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠢ | ᠶᠡᠷᠦᠩᠬᠡᠶᠢᠯᠡᠨ ᠵᠠᠰᠠᠬᠤ ᠲᠥᠰᠥᠯ︾ ᠢ ᠲᠣᠭᠲᠠᠭᠠᠵᠤ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠲᠦᠭᠡᠢ᠃ | | ᠤᠯᠠᠭᠠᠢ ᠬᠠᠮᠢᠶᠠᠷᠤᠯᠲᠠ ᠶᠢᠨ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠠᠶᠤᠯᠭᠦᠢ | ᠦᠢᠯᠡᠳᠪᠦᠷᠢᠯᠡᠯ | ᠶᠡᠷᠦᠩᠬᠡᠶᠢᠯᠡᠨ ᠵᠠᠰᠠᠬᠤ ᠲᠥᠰᠥᠯ | ᠨᠢᠭᠡ᠂ ᠵᠢᠯᠤᠭᠤᠳᠬᠤ ᠦᠵᠡᠯ ᠰᠠᠨᠠᠭ᠎ᠠ | ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠤᠯᠠᠭᠠᠨ ᠱᠤᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠣᠳᠣᠬᠠᠨ ᠤ ᠵᠠᠮ | ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠪᠤᠳᠤᠯᠢᠶᠠᠨᠲᠤ ᠴᠢᠨᠠᠷ ᠢ | ᠰᠡᠷᠭᠡᠭ ᠢᠶᠠᠷ ᠲᠠᠨᠢᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠣᠳᠣᠬᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠦᠷᠢᠶᠡᠨ ᠳᠤ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠬᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠬᠢᠨᠠᠨ ᠵᠢᠯᠤᠭᠤᠳᠴᠤ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠤᠨ ︽ᠪᠤᠴᠠᠵᠤ ᠪᠠᠶᠢᠴᠠᠭᠠᠨ ᠦᠵᠡᠬᠦ︾ ᠠᠵᠢᠯ ᠢ ᠥᠷᠨᠢᠭᠦᠯᠬᠦ ᠪᠠᠷ ᠲᠠᠮᠵᠢᠨ᠂ ᠠᠩᠬ᠎ᠠ | ᠠᠯᠬᠤᠮ ᠪᠠᠶᠢᠭᠤᠯᠤᠭᠰᠠᠨ ᠦᠭᠡᠢ᠂ ᠲᠣᠭᠲᠠᠭᠠᠯ ᠠᠴᠠ ᠵᠥᠷᠢᠴᠡᠨ ᠦᠢᠯᠡᠳᠪᠦᠷᠢᠯᠡᠬᠦ ᠦᠢᠯᠡ ᠠᠵᠢᠯᠯᠠᠭ᠎ᠠ ᠶᠢ ᠲᠤᠰᠬᠠᠢ | ᠵᠠᠰᠠᠬᠤ ᠠᠵᠢᠯ ᠢ ᠥᠷᠨᠢᠭᠦᠯᠪᠡ︔ ᠬᠠᠤᠯᠢ ᠲᠣᠭᠲᠠᠭᠠᠯ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ | ᠳᠠᠭᠠᠭᠠᠴᠢᠯᠠᠭᠤᠯᠬᠤ᠂ ᠳᠠᠭᠠᠭᠠᠴᠢᠯᠠᠬᠤ ᠦᠢᠯᠡ ᠠᠵᠢᠯᠯᠠᠭ᠎ᠠ ᠶᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠪᠡ︔ | ︽ᠲᠣᠷᠭᠠᠬᠤ ᠠᠴᠠ ᠪᠢᠰᠢ ᠵᠠᠯᠠᠷᠠᠭᠤᠯᠬᠤ ᠦᠭᠡᠢ︾ ᠲᠤᠰᠬᠠᠢ ᠵᠠᠰᠠᠯᠲᠠ ᠶᠢ ᠥᠷᠨᠢᠭᠦᠯᠪᠡ︔ ᠣᠨᠳᠣᠣ ᠭᠠᠵᠠᠷ ᠲᠤ | ᠰᠣᠯᠪᠢᠴᠠᠨ ᠪᠠᠶᠢᠴᠠᠭᠠᠬᠤ᠂ ︽ᠬᠠᠤᠯᠢ ᠪᠤᠰᠤ ᠪᠠ ᠬᠠᠤᠯᠢ ᠠᠴᠠ ᠵᠥᠷᠢᠴᠡᠨ ᠡᠵᠡᠩᠨᠡᠬᠦ ᠶᠢ ᠵᠠᠰᠠᠬᠤ︾ ᠲᠤᠰᠬᠠᠢ | ᠠᠵᠢᠯᠯᠠᠭ᠎ᠠ ᠶᠢ ᠥᠷᠨᠢᠭᠦᠯᠪᠡ︔ ᠬᠦᠨᠳᠦ ᠶᠡᠭᠡ ᠣᠨᠴᠠ ᠶᠡᠭᠡ ᠠᠳᠡᠯ ᠢ ᠰᠡᠷᠭᠡᠶᠢᠯᠡᠨ ᠠᠷᠢᠯᠭᠠᠬᠤ ᠠᠷᠭ᠎ᠠ ᠬᠡᠮᠵᠢᠶ᠎ᠡ | ᠵᠡᠷᠭᠡ ᠭᠤᠣᠯᠳᠠᠯᠭ᠎ᠠ ᠲᠠᠢ ᠠᠵᠢᠯ ᠢ ᠥᠷᠨᠢᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ | ᠦᠢᠯᠡᠳᠪᠦᠷᠢᠯᠡᠯ ᠤᠨ ᠠᠳᠠᠯ ᠡᠭᠦᠰᠬᠦ ᠶᠢ ᠪᠦᠲᠦᠮᠵᠢᠲᠠᠢ ᠰᠡᠷᠭᠡᠶᠢᠯᠡᠬᠦ ᠪᠠ ᠡᠷᠡᠰ ᠬᠤᠷᠢᠭᠯᠠᠵᠤ᠂ ᠬᠠᠮᠢᠶᠠᠷᠤᠯᠲᠠ ᠶᠢᠨ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ | ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ | ᠬᠤᠶᠠᠷ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠪᠴᠢᠶ᠎ᠡ | ︵ᠨᠢᠭᠡ︶ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠨ᠎ᠠ᠃ ᠠᠶᠠᠨᠴᠢᠳ ᠤᠨ ᠲᠡᠭᠡᠭᠡᠪᠦᠷᠢ ᠳᠤ ᠲᠡᠷᠭᠡ ᠬᠥᠰᠬᠡ ᠶᠢᠨ ᠠᠮᠤᠷ ᠲᠦᠪᠰᠢᠨ ᠤ ᠪᠠᠶᠢᠴᠠᠭᠠᠯᠲᠠ᠂ | ᠠᠷᠠᠴᠢᠯᠠᠯᠲᠠ ᠬᠠᠮᠠᠭᠠᠯᠠᠯᠲᠠ ᠶᠢ ᠴᠢᠩᠭᠠᠳᠬᠠᠵᠤ᠂ ︽ᠭᠤᠷᠪᠠ ᠶᠢ ᠥᠷᠲᠡᠭᠡᠨ ᠳᠤ ᠣᠷᠣᠭᠤᠯᠬᠤ ᠦᠭᠡᠢ᠂ ᠵᠢᠷᠭᠤᠭ᠎ᠠ ᠶᠢ | ᠥᠷᠲᠡᠭᠡᠨ ᠠᠴᠠ ᠭᠠᠷᠭᠠᠬᠤ ᠦᠭᠡᠢ︾᠂ ︽ᠭᠤᠷᠪᠠᠨ ᠪᠦᠲᠦᠭᠡᠭᠳᠡᠬᠦᠨ︾ ᠢ ᠪᠠᠶᠢᠴᠠᠭᠠᠬᠤ ᠵᠢᠴᠢ ᠦᠨᠡᠨ ᠨᠡᠷ᠎ᠡ ᠪᠠᠷ | ᠪᠢᠯᠧᠲ ᠠᠪᠴᠤ ᠲᠡᠷᠭᠡᠨ ᠳᠤ ᠰᠠᠭᠤᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ | ᠰᠡᠷᠭᠡᠶᠢᠯᠡᠯᠲᠡ ᠵᠢᠴᠢ ᠠᠶᠤᠯᠲᠠᠢ ᠪᠣᠳᠠᠰ ᠢ ᠪᠠᠶᠢᠴᠠᠭᠠᠨ ᠬᠤᠷᠢᠭᠯᠠᠬᠤ ᠠᠵᠢᠯ ᠢ ᠴᠢᠩᠭᠠᠳᠬᠠᠬᠤ ᠬᠡᠷᠡᠭᠲᠡᠢ᠃ | ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠵᠢᠯᠣᠭᠤᠴᠢ ᠶᠢᠨ ᠠᠮᠤᠷ | ᠲᠦᠪᠰᠢᠨ ᠢᠶᠠᠷ ᠵᠢᠯᠤᠭᠤᠳᠬᠤ ᠮᠡᠷᠭᠡᠵᠢᠯ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠬᠥᠮᠦᠵᠢᠯ | ᠪᠠ ᠪᠣᠯᠪᠠᠰᠤᠷᠠᠭᠤᠯᠤᠯ ᠢ ᠴᠢᠩᠭᠠᠳᠬᠠᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠡᠭᠡᠭᠡᠪᠦᠷᠢ ᠡᠵᠡᠩᠨᠡᠬᠦ ᠲᠡᠷᠭᠡ | ᠬᠥᠰᠬᠡ ᠶᠢᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ | ᠬᠤᠭᠤᠷᠣᠨᠳᠣᠬᠢ ᠨᠡᠶᠢᠲᠡ ᠶᠢᠨ ᠮᠠᠰᠢᠨ ᠲᠡᠷᠭᠡ ᠨᠢ ᠸᠠᠭᠤᠨ ᠤ ᠳᠣᠲᠣᠷᠠᠬᠢ ᠠᠮᠤᠷ ᠲᠦᠪᠰᠢᠨ ᠤ ᠪᠡᠯᠡᠳᠬᠡᠮᠵᠢ ᠶᠢᠨ | ᠲᠣᠬᠢᠷᠠᠭᠤᠯᠤᠯᠲᠠ ᠵᠢᠴᠢ ᠪᠦᠷᠢᠨ ᠪᠦᠲᠦᠨ ᠪᠠᠶᠢᠳᠠᠯ ᠤᠨ ᠪᠠᠶᠢᠴᠠᠭᠠᠯᠲᠠ ᠶᠢ ᠴᠢᠩᠭᠠᠳᠬᠠᠵᠤ᠂ ᠲᠡᠷᠭᠡ ᠬᠥᠰᠬᠡ ᠶᠢ | ᠪᠠᠶᠢᠴᠠᠭᠠᠨ ᠰᠢᠯᠭᠠᠵᠤ ᠠᠷᠠᠴᠢᠯᠠᠨ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠵᠢᠯᠣᠭᠤᠴᠢ ᠶᠢ | ᠰᠤᠷᠭᠠᠨ ᠬᠥᠮᠥᠵᠢᠭᠦᠯᠵᠦ᠂ ᠰᠢᠮᠳᠠᠭᠤᠯᠵᠤ ᠪᠠᠶᠢᠭᠠᠳ ᠪᠣᠯᠪᠠᠰᠤᠨ ᠢᠶᠠᠷ ᠲᠡᠷᠭᠡ ᠵᠢᠯᠤᠭᠤᠳᠬᠤ ᠶᠢ ᠵᠢᠷᠤᠮᠵᠢᠭᠤᠯᠬᠤ | ᠬᠡᠷᠡᠭᠲᠡᠢ᠃ ᠲᠦᠷᠢᠶᠡᠰᠦᠨ ᠮᠠᠰᠢᠨ ᠤ ᠵᠢᠯᠣᠭᠤᠴᠢ ᠶᠢᠨ ᠠᠶᠤᠯ ᠦᠭᠡᠢ ᠶᠢᠨ ᠪᠣᠯᠪᠠᠰᠤᠷᠠᠭᠤᠯᠤᠯ ᠵᠢᠴᠢ ᠠᠶᠤᠯ | ᠦᠭᠡᠢ ᠪᠠᠷ ᠲᠡᠷᠭᠡ ᠵᠢᠯᠤᠭᠤᠳᠬᠤ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠠᠤᠯᠢ ᠪᠤᠰᠤ ᠪᠠᠷ ᠲᠡᠷᠭᠡ ᠬᠥᠰᠬᠡ | ᠡᠵᠡᠩᠨᠡᠬᠦ ᠶᠠᠪᠤᠳᠠᠯ ᠳᠤ ᠴᠣᠬᠢᠯᠲᠠ ᠥᠭᠴᠦ᠂ ᠲᠦᠷᠢᠶᠡᠰᠦᠨ ᠮᠠᠰᠢᠨ ᠤ ᠵᠠᠬ᠎ᠠ ᠳᠡᠯᠭᠡᠭᠦᠷ ᠤᠨ ᠲᠣᠭᠲᠠᠭᠤᠨ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ᠡᠳ᠋ ᠪᠠᠷᠠᠭ᠎ᠠ ᠲᠡᠭᠡᠭᠡᠪᠦᠷᠢᠯᠡᠬᠦ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ | ᠪᠠᠷᠠᠭ᠎ᠠ ᠶᠢᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠣᠨ ᠲᠡᠷᠭᠡ ᠬᠥᠰᠬᠡ ᠶᠢᠨ ᠵᠥᠪᠰᠢᠶᠡᠷᠡᠨ ᠣᠷᠣᠭᠤᠯᠤᠭᠰᠠᠨ | ᠪᠠᠶᠢᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠵᠥᠪᠰᠢᠶᠡᠷᠡᠬᠦ ᠨᠥᠬᠦᠴᠡᠯ ᠳᠤ ᠨᠡᠶᠢᠴᠡᠬᠦ ᠦᠭᠡᠢ᠂ ᠤᠷᠲᠤ | ᠬᠤᠭᠤᠴᠠᠭ᠎ᠠ ᠪᠠᠷ ᠣᠨᠳᠣᠣ ᠭᠠᠵᠠᠷ ᠡᠵᠡᠩᠨᠡᠭᠰᠡᠨ ᠢ ᠨᠢ ᠡᠷᠡᠰ ᠢᠯᠭᠠᠷᠠᠭᠤᠯᠤᠨ ᠪᠤᠴᠠᠭᠠᠬᠤ ᠬᠡᠷᠡᠭᠲᠡᠢ ᠠᠶᠤᠯ ᠲᠠᠢ | ᠪᠠᠷᠠᠭ᠎ᠠ ᠶᠢᠨ ᠲᠡᠷᠭᠡ ᠬᠥᠰᠬᠡ ᠶᠢᠨ ᠰᠡᠷᠡᠮᠵᠢᠯᠡᠭᠦᠯᠬᠦ ᠲᠡᠮᠳᠡᠭ ᠪᠣᠯᠣᠨ ᠠᠶᠤᠯ ᠦᠭᠡᠢ ᠶᠢᠨ ᠪᠡᠯᠡᠳᠬᠡᠮᠵᠢ ᠨᠢ ᠪᠦᠷᠢᠨ | ᠭᠦᠢᠴᠡᠳ ᠪᠥᠭᠡᠳ ᠪᠦᠲᠦᠮᠵᠢᠲᠡᠶ ᠪᠠᠶᠢᠬᠤ ᠡᠰᠡᠬᠦ᠂ ᠰᠠᠪᠠ ᠴᠣᠭᠴᠠ ᠪᠣᠯᠣᠨ ᠪᠠᠴᠢᠮ ᠲᠠᠰᠤᠯᠬᠤ ᠲᠣᠨᠣᠭᠯᠠᠯ ᠨᠢ | ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠡᠰᠡᠬᠦ᠂ ᠵᠢᠯᠣᠭᠤᠴᠢ ᠪᠣᠯᠣᠨ ᠬᠠᠷᠠᠵᠤ ᠲᠡᠭᠡᠭᠡᠪᠦᠷᠢᠯᠡᠭᠴᠢ ᠨᠢ ᠠᠵᠢᠯ | ᠡᠷᠬᠢᠯᠡᠬᠦ ᠨᠥᠬᠦᠴᠡᠯ ᠢ ᠪᠦᠷᠢᠯᠳᠦᠭᠦᠯᠦᠭᠰᠡᠨ ᠡᠰᠡᠬᠦ ᠵᠡᠷᠭᠡ ᠶᠢ ᠵᠢᠭᠰᠠᠭᠠᠨ ᠪᠠᠶᠢᠴᠠᠭᠠᠬᠤ ᠬᠡᠷᠡᠭᠲᠡᠢ ᠳᠣᠲᠣᠭᠠᠳᠤ ᠶᠢ | ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ | ᠲᠣᠭᠲᠠᠭᠠᠯ ᠠᠴᠠ ᠵᠥᠷᠢᠴᠡᠨ ᠠᠴᠢᠶᠠᠯᠠᠬᠤ᠂ ᠲᠣᠭᠲᠠᠭᠠᠯ ᠠᠴᠠ ᠵᠥᠷᠢᠴᠡᠨ ᠲᠡᠷᠭᠡ ᠵᠣᠭᠰᠤᠭᠠᠬᠤ᠂ ᠲᠣᠭᠲᠠᠭᠠᠯ ᠠᠴᠠ | ᠵᠥᠷᠢᠴᠡᠨ ᠲᠦᠰᠢᠭᠦᠯᠬᠦ᠂ ᠬᠡᠪᠴᠢᠶ᠎ᠡ ᠠᠴᠠ ᠪᠠᠨ ᠬᠡᠲᠦᠷᠡᠭᠦᠯᠦᠨ ᠲᠡᠭᠡᠭᠡᠪᠦᠷᠢᠯᠡᠬᠦ ᠶᠢ ᠳᠠᠭᠠᠭᠠᠴᠢᠯᠠᠬᠤ ᠵᠡᠷᠭᠡ ᠦᠢᠯᠡ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠨᠡᠮᠡᠭᠳᠡᠭᠦᠯᠵᠦ᠂ ᠠᠶᠤᠯ ᠲᠠᠢ ᠪᠠᠷᠠᠭ᠎ᠠ ᠶᠢᠨ ᠲᠡᠭᠡᠭᠡᠪᠦᠷᠢ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ | ︵ᠭᠤᠷᠪᠠ︶ᠵᠠᠰᠠᠮᠠᠯ ᠵᠠᠮ ᠤᠨ ᠠᠵᠢᠯᠯᠠᠭᠠᠨ ᠤ ᠬᠦᠷᠢᠶ᠎ᠡ ᠴᠠᠷᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠨ᠎ᠠ᠃ ᠰᠢᠶᠠᠨ ᠤ ᠵᠠᠮ᠂ ᠴᠢᠬᠤᠯᠠ ᠵᠢᠭᠤᠯᠴᠢᠯᠠᠯ ᠤᠨ ᠵᠠᠰᠠᠮᠠᠯ ᠵᠠᠮ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠬᠥᠭᠦᠷᠭᠡ ᠠᠴᠠ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠵᠠᠯᠭᠠᠯᠳᠤᠭ᠎ᠠ ᠪᠠᠷ ᠪᠠᠭᠤᠬᠤ᠂ ᠣᠭᠵᠣᠮ ᠮᠤᠷᠤᠢ ᠡᠭᠴᠡ | ᠬᠥᠲᠥᠯ᠂ ᠠᠮᠠᠷᠬᠠᠨ ᠬᠤᠷᠠᠭᠰᠠᠨ ᠴᠠᠰᠤ ᠵᠡᠷᠭᠡ ᠵᠠᠮ ᠤᠨ ᠠᠶᠤᠯ ᠲᠠᠢ ᠴᠡᠭ ᠤᠨ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠪᠠᠨ ᠴᠢᠩᠭᠠᠳᠬᠠᠵᠤ᠂ ᠱᠠᠲᠤ ᠲᠥᠷᠥᠯ ᠬᠤᠪᠢᠶᠠᠨ ᠬᠠᠮᠢᠶᠠᠷᠤᠨ ᠡᠵᠡᠮᠳᠡᠵᠦ᠂ ᠰᠢᠢᠳᠪᠦᠷᠢᠯᠡᠨ ᠵᠠᠰᠠᠬᠤ | ᠬᠡᠷᠡᠭᠲᠡᠢ᠃ ᠡᠪᠳᠡᠷᠡᠵᠦ ᠰᠦᠢᠳᠦᠭᠰᠡᠨ ᠵᠠᠮ ᠪᠠ ᠪᠦᠷᠢᠨ ᠪᠤᠰᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠲᠥᠬᠦᠭᠡᠷᠦᠮᠵᠢ ᠶᠢ ᠴᠠᠭ ᠲᠤᠬᠠᠢ ᠳᠤᠨᠢ ᠰᠡᠯᠪᠢᠨ ᠵᠠᠰᠠᠵᠤ᠂ ᠵᠠᠰᠠᠮᠠᠯ ᠵᠠᠮ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠪᠡᠯᠡᠳᠬᠡᠮᠵᠢ ᠶᠢᠨ ︽ᠳᠤᠲᠠᠭᠤᠳᠠᠯ︾ ᠢ ᠨᠥᠬᠦᠪᠦᠷᠢᠯᠡᠨ᠎ᠡ᠃ ᠵᠠᠮ ᠳᠤ ᠬᠤᠯᠪᠣᠭᠳᠠᠭᠰᠠᠨ | ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠲᠤᠬᠠᠢ ᠶᠢᠨ ᠲᠠᠯᠠᠪᠤᠷ ᠤᠨ ᠵᠠᠮ ᠬᠠᠷᠢᠯᠴᠠᠭᠠᠨ ᠤ | ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠵᠠᠮ ᠨᠡᠪᠲᠡᠷᠡᠯᠭᠡ ᠳᠤ ᠦᠵᠡᠭᠦᠯᠬᠦ ᠨᠥᠯᠥᠭᠡ ᠶᠢ | ᠪᠠᠭᠠᠰᠬᠠᠨ᠎ᠠ᠃ | ︵ᠳᠥᠷᠪᠡ︶ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠨ᠎ᠠ᠃ ᠠᠵᠢᠯ ᠡᠬᠢᠯᠡᠭᠦᠯᠬᠦ ᠪᠠ ᠠᠵᠢᠯ ᠰᠡᠷᠭᠦᠭᠡᠬᠦ ᠱᠠᠲᠤ ᠦᠶ᠎ᠡ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠢᠯᠠᠩᠭᠤᠶ᠎ᠠ ᠭᠠᠯ ᠰᠡᠷᠭᠡᠶᠢᠯᠡᠬᠦ᠂ ᠳᠡᠯᠪᠡᠷᠡᠯᠲᠡ ᠶᠢ ᠰᠡᠷᠭᠡᠶᠢᠯᠡᠬᠦ᠂ ᠨᠤᠷᠠᠬᠤ ᠶᠢ | ᠰᠡᠷᠭᠡᠶᠢᠯᠡᠬᠦ᠂ ᠥᠨᠳᠥᠷ ᠣᠭᠲᠠᠷᠭᠤᠢ ᠳᠤ ᠤᠨᠠᠬᠤ ᠶᠢ ᠰᠡᠷᠭᠡᠶᠢᠯᠡᠬᠦ ᠵᠡᠷᠭᠡ ᠠᠳᠡᠯ ᠢ ᠴᠢᠩᠭᠠᠳᠬᠠᠵᠤ᠂ ᠬᠠᠤᠯᠢ ᠠᠴᠠ | ᠵᠥᠷᠢᠴᠡᠨ ᠪᠠᠷᠢᠯᠭ᠎ᠠ ᠪᠠᠷᠢᠬᠤ ᠪᠠ ᠳᠦᠷᠢᠮ ᠠᠴᠠ ᠵᠥᠷᠢᠴᠡᠨ ᠵᠢᠯᠤᠭᠤᠳᠬᠤ ᠵᠡᠷᠭᠡ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ ᠢ ᠨᠥᠯᠥᠭᠡᠯᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ ᠪᠠᠷᠢᠯᠭ᠎ᠠ ᠶᠢᠨ ᠠᠵᠢᠯᠲᠠᠨ ᠤ ᠠᠶᠤᠯ ᠦᠭᠡᠢ ᠶᠢᠨ ᠬᠥᠮᠦᠵᠢᠯ ᠪᠣᠯᠪᠠᠰᠤᠷᠠᠭᠤᠯᠤᠯ ᠤᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠯᠠᠩᠭᠤᠶ᠎ᠠ ᠰᠢᠨ᠎ᠡ ᠪᠠᠷ ᠡᠯᠰᠡᠭᠰᠡᠨ ᠠᠵᠢᠯᠴᠢᠨ ᠪᠣᠯᠣᠨ | ᠠᠵᠢᠯ ᠤᠨ ᠪᠠᠶᠢᠷᠢ ᠰᠢᠯᠵᠢᠭᠰᠡᠨ ᠠᠵᠢᠯᠴᠢᠨ ᠤ ᠠᠵᠢᠯ ᠤᠨ ᠪᠠᠶᠢᠷᠢ ᠳᠤ ᠭᠠᠷᠬᠤ ᠪᠤᠶᠤ ᠠᠵᠢᠯ ᠤᠨ ᠪᠠᠶᠢᠷᠢ ᠰᠢᠯᠵᠢᠬᠦ | ᠠᠶᠤᠯ ᠦᠭᠡᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠵᠢᠯᠯᠠᠭᠰᠠᠳ ᠢ ᠵᠣᠬᠢᠶᠠᠨ ᠪᠠᠶᠢᠭᠤᠯᠤᠨ ᠲᠤᠰ ᠲᠥᠷᠥᠯ ᠵᠦᠢᠯ ᠤᠨ ᠠᠶᠤᠯ ᠲᠠᠢ ᠲᠠᠯᠠᠪᠤᠷ᠂ | ᠰᠡᠷᠭᠡᠶᠢᠯᠡᠬᠦ ᠠᠷᠭ᠎ᠠ ᠬᠡᠮᠵᠢᠶ᠎ᠡ᠂ ᠠᠶᠤᠯ ᠦᠭᠡᠢ ᠠᠵᠢᠯᠯᠠᠬᠤ ᠦᠨᠳᠦᠰᠦᠨ ᠳᠦᠷᠢᠮ ᠢ ᠪᠦᠬᠦ ᠲᠠᠯ᠎ᠠ ᠪᠠᠷ | ᠣᠶᠢᠯᠠᠭᠠᠭᠤᠯᠵᠤ᠂ ᠪᠠᠷᠢᠯᠭ᠎ᠠ ᠶᠢᠨ ᠠᠵᠢᠯ ᠤᠨ ᠣᠨᠴᠠᠯᠢᠭ ᠢ ᠦᠨᠳᠦᠰᠦᠯᠡᠨ ᠠᠶᠤᠯ ᠦᠭᠡᠢ ᠶᠢᠨ ᠮᠡᠷᠭᠡᠵᠢᠯ ᠣᠯᠭᠤᠬᠤ | ᠠᠵᠢᠯ ᠢ ᠬᠢᠯᠭᠡᠬᠦ ᠬᠡᠷᠡᠭᠲᠡᠢ᠃ | ︵ᠲᠠᠪᠤ︶ᠮᠠᠰᠢᠨᠲᠤ ᠲᠡᠷᠭᠡ ᠰᠡᠯᠪᠢᠨ ᠵᠠᠰᠠᠬᠤ᠂ ᠲᠡᠷᠭᠡ ᠵᠢᠯᠤᠭᠤᠳᠴᠤ ᠪᠣᠯᠪᠠᠰᠤᠷᠠᠭᠤᠯᠬᠤ ᠠᠵᠤ ᠠᠬᠤᠶᠢᠯᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠃ ᠮᠠᠰᠢᠨ ᠲᠡᠷᠭᠡ ᠰᠡᠯᠪᠢᠨ ᠵᠠᠰᠠᠬᠤ᠂ ᠲᠡᠷᠭᠡ ᠵᠢᠯᠤᠭᠤᠳᠴᠤ | ᠪᠣᠯᠪᠠᠰᠤᠷᠠᠭᠤᠯᠬᠤ ᠠᠵᠤ ᠠᠬᠤᠶᠢᠯᠠᠯ ᠤᠨ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠲᠣᠭᠲᠠᠭᠠᠭᠰᠠᠨ ᠵᠢᠴᠢ ᠬᠡᠷᠡᠭᠵᠢᠭᠦᠯᠦᠭᠰᠡᠨ ᠪᠠᠶᠢᠳᠠᠯ ᠢ ᠴᠢᠩᠭ᠎ᠠ ᠠᠩᠬᠠᠷᠴᠤ᠂ ᠪᠠᠶᠠᠷ ᠤᠨ ᠡᠳᠦᠷ ᠤᠨ ᠳᠠᠷᠠᠭ᠎ᠠ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ ᠤᠨ | ᠪᠠᠶᠢᠳᠠᠯ ᠢ ᠴᠢᠩᠭ᠎ᠠ ᠠᠩᠬᠠᠷᠴᠤ᠂ ᠡᠯ᠎ᠡ ᠠᠵᠤ ᠠᠬᠤᠶᠢᠯᠠᠯ ᠳᠤ ᠦᠨᠡᠮᠯᠡᠯ ᠪᠦᠷᠢᠨ ᠪᠤᠰᠤ᠂ ᠳᠦᠷᠢᠮ ᠠᠴᠠ ᠵᠥᠷᠢᠴᠡᠨ | ᠠᠵᠢᠯᠯᠠᠬᠤ ᠪᠠᠶᠢᠳᠠᠯ ᠣᠷᠣᠰᠢᠵᠤ ᠪᠠᠶᠢᠬᠤ ᠡᠰᠡᠬᠦ ᠶᠢ ᠴᠢᠩᠭ᠎ᠠ ᠠᠩᠬᠠᠷᠬᠤ ᠬᠡᠷᠡᠭᠲᠡᠢ᠃ | ︵ᠵᠢᠷᠭᠤᠭ᠎ᠠ︶ᠤᠰᠤᠨ ᠳᠡᠭᠡᠷᠡᠬᠢ ᠵᠠᠮ ᠬᠠᠷᠢᠯᠴᠠᠭ᠎ᠠ ᠶᠢ ᠪᠠᠶᠢᠴᠠᠭᠠᠵᠤ ᠴᠡᠭᠴᠡᠯᠡᠨ ᠵᠠᠰᠠᠨ᠎ᠠ᠃ ᠤᠰᠤᠨ ᠳᠡᠭᠡᠷᠡᠬᠢ | ᠵᠠᠮ ᠬᠠᠷᠢᠯᠴᠠᠭᠠᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠠᠶᠤᠯ | ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠠᠶᠤᠯ ᠦᠭᠡᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠦᠭᠡᠢ ᠶᠢᠨ ᠬᠠᠷᠢᠭᠤᠴᠠᠯᠭ᠎ᠠ ᠶᠢᠨ ᠦᠵᠡᠯ | ᠤᠬᠠᠮᠰᠠᠷ ᠢ ᠴᠢᠩᠭᠠᠷᠠᠭᠤᠯᠤᠨ᠂ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠵᠤ᠂ ᠠᠶᠤᠯ ᠦᠭᠡᠢ | ᠦᠢᠯᠡᠳᠪᠦᠷᠢᠯᠡᠯ ᠤᠨ ᠣᠷᠣᠭᠤᠯᠤᠯᠲᠠ ᠶᠢ ᠨᠡᠮᠡᠭᠳᠡᠭᠦᠯᠦᠨ᠂ ᠠᠶᠤᠯ ᠦᠭᠡᠢ ᠶᠢᠨ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠶᠢ ᠴᠠᠭ ᠲᠤᠬᠠᠢ ᠳᠤᠨᠢ ᠥᠷᠨᠢᠭᠦᠯᠬᠦ ᠬᠡᠷᠡᠭᠲᠡᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠲᠣᠰ ᠤᠳᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠬᠡᠪᠴᠢᠶᠡᠨ ᠤ ᠠᠶᠤᠯᠭᠦᠢ | ᠦᠢᠯᠡᠳᠪᠦᠷᠢᠯᠡᠯ ᠤᠨ ᠲᠤᠰᠬᠠᠢ ᠠᠵᠢᠯᠯᠠᠭ᠎ᠠ ᠶᠢ ᠤᠷᠤᠭᠰᠢᠲᠠᠢ ᠥᠷᠨᠢᠭᠦᠯᠬᠦ ᠶᠢ ᠦᠨᠡᠨ ᠬᠦ ᠪᠠᠲᠤᠯᠠᠬᠤ ᠶᠢᠨ ᠬᠠᠮᠲᠤ | ᠦᠷ᠎ᠡ ᠪᠦᠳᠦᠮᠵᠢ ᠣᠯᠬᠤ ᠶᠢᠨ ᠲᠥᠯᠥᠭᠡ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ | ᠲᠣᠭᠲᠠᠭᠠᠵᠤ᠂ ᠬᠠᠮᠢᠶᠠᠷᠤᠯᠲᠠ ᠶᠢᠨ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠣᠯ ᠤᠨ | ᠬᠡᠪᠴᠢᠶᠡᠨ ᠳᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠥᠷᠨᠢᠭᠦᠯᠬᠦ ᠪᠠᠷ ᠲᠣᠭᠲᠠᠪᠠ᠃ | ᠳᠤᠭᠤᠶᠢᠯᠠᠩ ᠤᠨ ᠳᠠᠷᠤᠭ᠎ᠠ᠄ ᠬᠠᠨ ᠶᠦᠩ ᠴᠢᠩ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠦ ᠰᠢᠤ ᠵᠢᠶᠦ᠋ᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ | ᠴᠧᠩ ᠭᠡᠰᠢᠭᠦᠨ᠄ ᠯᠢᠦ ᠱᠢ ᠵᠢᠶᠧ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ | ᠬᠠᠨ ᠪᠢᠩ ᠵᠠᠮ ᠲᠡᠭᠡᠭᠡᠪᠦᠷᠢ ᠶᠢᠨ ᠲᠣᠪᠴᠢᠶᠠᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠯᠪᠠᠨ | ᠭᠡᠷ ᠤᠨ ᠡᠷᠬᠢᠯᠡᠭᠴᠢ | ᠦ᠋ ᠰᠢᠶᠣᠣ ᠸᠧᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ | ᠮᠠ ᠰᠢᠶᠣᠣ ᠳ᠋ᠦᠩ ᠵᠠᠮ ᠲᠡᠭᠡᠭᠡᠪᠦᠷᠢ ᠶᠢᠨ ᠲᠣᠪᠴᠢᠶᠠᠨ ᠤ ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ | ᠭᠤᠤ ᠶᠢᠩ ᠵᠠᠮ ᠲᠡᠭᠡᠭᠡᠪᠦᠷᠢ ᠶᠢᠨ ᠲᠣᠪᠴᠢᠶᠠᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ | ᠲᠠᠰᠤᠭ ᠤᠨ ᠳᠠᠷᠤᠭ᠎ᠠ | ᠸᠠᠩ ᠪᠢᠨ ᠵᠠᠮ ᠲᠡᠭᠡᠭᠡᠪᠦᠷᠢ ᠶᠢᠨ ᠲᠣᠪᠴᠢᠶᠠᠨ ᠤ ᠠᠯᠪᠠᠨ ᠭᠡᠷ ᠤᠨ ᠡᠷᠬᠢᠯᠡᠭᠴᠢ | ᠵᠣᠣ ᠶᠦᠩ ᠯᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢᠨ ᠳᠡᠳ᠋ ᠳᠠᠷᠤᠭ᠎ᠠ | ᠲᠢᠶᠠᠨ ᠶᠦᠩ ᠯᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠡᠭᠡ ᠠᠩᠭᠢ ᠶᠢᠨ ᠭᠡᠰᠢᠭᠦᠨ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠬᠠᠨ ᠪᠢᠩ ᠡᠭᠦᠷᠭᠡᠯᠡᠵᠦ᠂ ᠬᠠᠷᠢᠯᠴᠠᠬᠤ ᠤᠲᠠᠰᠤ᠄ 3353042 | ᠳᠥᠷᠪᠡ᠂ ᠠᠵᠢᠯ ᠤᠨ ᠲᠣᠬᠢᠷᠠᠭᠤᠯᠤᠯᠲᠠ | ᠲᠣᠰ ᠡᠳᠦᠷ ᠠᠴᠠ ᠡᠬᠢᠯᠡᠨ 11 ᠰᠠᠷ᠎ᠠ ᠶᠢᠨ 20 ᠤ ᠡᠳᠦᠷ ᠪᠣᠯᠲᠠᠯ᠎ᠠ᠂ ᠬᠠᠮᠢᠶᠠᠷᠤᠯᠲᠠ ᠶᠢᠨ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ᠂ ᠵᠠᠮ ᠬᠠᠷᠢᠯᠴᠠᠭᠠᠨ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠠᠵᠤ ᠠᠬᠤᠶᠢᠯᠠᠯ ᠳᠤ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠠᠵᠤ | ᠠᠬᠤᠶᠢᠯᠠᠯ ᠢ ᠪᠦᠬᠦᠨ ᠢ ᠬᠠᠮᠤᠷᠤᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠥᠷᠨᠢᠭᠦᠯᠪᠡ᠃ | | ︵ᠨᠢᠭᠡ︶4 ᠳ᠋ᠦ᠋ᠭᠡᠷ ᠰᠠᠷ᠎ᠠ ᠶᠢᠨ 20 ᠤ ᠡᠳᠦᠷ ᠠᠴᠠ 5 ᠳ᠋ᠤᠭᠠᠷ ᠰᠠᠷ᠎ᠠ ᠶᠢᠨ 30 ᠤ ᠡᠳᠦᠷ | ᠭᠤᠣᠯᠳᠠᠯᠭ᠎ᠠ ᠪᠠᠨ ᠲᠤᠪᠤᠶᠢᠯᠭᠠᠵᠤ᠂ ᠡᠷᠬᠡᠪᠰᠢ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ | ᠪᠦᠷᠢᠯᠳᠦᠭᠦᠯᠵᠦ᠂ ᠬᠠᠰᠢ ᠶᠠᠰᠢ ᠥᠩᠭᠡᠷᠡᠭᠦᠯᠬᠦ ᠦᠭᠡᠢ᠂ ᠬᠡᠯᠪᠡᠷᠢ ᠶᠢᠨ ᠲᠡᠳᠦᠢ ᠪᠣᠯᠭᠠᠬᠤ ᠦᠭᠡᠢ᠂ ᠥᠨᠴᠥᠭ ᠪᠤᠯᠤᠩ | ᠦᠯᠡᠳᠡᠭᠡᠬᠦ ᠦᠭᠡᠢ ᠪᠠᠶᠢᠬᠤ ᠬᠡᠷᠡᠭᠲᠡᠢ᠃ ᠪᠠᠶᠢᠴᠠᠭᠠᠯᠲᠠ ᠶᠢᠨ ᠭᠤᠣᠯᠳᠠᠯᠭ᠎ᠠ ᠨᠢ ᠲᠣᠰ ᠲᠥᠰᠥᠯ ᠳᠤ ᠵᠢᠭᠰᠠᠭᠠᠭᠰᠠᠨ | ᠠᠭᠤᠯᠭ᠎ᠠ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠢ᠃ | ︵ᠬᠤᠶᠠᠷ︶ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠱᠠᠲᠤ ᠦᠶ᠎ᠡ ︵5 ᠳ᠋ᠤᠭᠠᠷ ᠰᠠᠷ᠎ᠠ ᠶᠢᠨ 1 ᠤ | ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ︶ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠬᠠᠷᠢᠭᠤᠴᠠᠯᠭᠠᠲᠠᠨ ᠢᠶᠠᠷ ᠳᠤᠭᠤᠶᠢᠯᠠᠩ ᠤᠨ ᠳᠠᠷᠤᠭ᠎ᠠ | ᠪᠣᠯᠭᠠᠵᠤ᠂ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠭᠦᠨ ᠪᠣᠯᠭᠠᠭᠰᠠᠨ ᠥᠪᠡᠰᠦᠪᠡᠨ | ᠪᠠᠶᠢᠴᠠᠭᠠᠬᠤ ᠠᠵᠢᠯ ᠤᠨ ᠳᠤᠭᠤᠶᠢᠯᠠᠩ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ | ᠥᠷᠨᠢᠭᠦᠯᠵᠦ᠂ ᠥᠪᠡᠰᠦᠪᠡᠨ ᠪᠠᠶᠢᠴᠠᠭᠠᠬᠤ ᠴᠢᠳᠠᠪᠤᠷᠢ ᠦᠭᠡᠢ ᠠᠵᠤ ᠠᠬᠤᠶᠢᠯᠠᠯ ᠢ ᠤᠷᠢᠵᠤ ᠭᠤᠷᠪᠠᠳᠠᠭᠢ | ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠶᠢ ᠤᠷᠢᠵᠤ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠵᠦ | ᠪᠣᠯᠣᠨ᠎ᠠ᠃ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠲᠥᠰᠥᠯ ᠲᠣᠭᠲᠠᠭᠠᠵᠤ᠂ ᠳᠠᠯᠳᠠ ᠬᠡᠮ ᠢ | ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠬᠠᠮᠤᠭ ᠤᠨ | ᠲᠣᠪᠣᠶᠢᠮ᠎ᠠ ᠠᠰᠠᠭᠤᠳᠠᠯ᠂ ᠬᠠᠮᠤᠭ ᠤᠨ ᠪᠠᠭᠤᠷᠠᠢ ᠭᠤᠭᠴᠤᠭ᠎ᠠ᠂ ᠬᠠᠮᠤᠭ ᠤᠨ ᠢᠯᠡᠷᠬᠡᠢ ᠳᠤᠲᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠬᠠᠷᠢᠭᠤᠴᠠᠯᠭ᠎ᠠ᠂ ᠪᠡᠯᠡ ᠮᠥᠩᠭᠦ᠂ | ᠴᠠᠭ ᠤᠨ ᠬᠢᠵᠠᠭᠠᠷ᠂ ᠪᠡᠯᠡᠳᠬᠡᠯ ᠲᠥᠰᠥᠯ ᠤᠨ ︽ᠲᠠᠪᠤ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠰᠢᠯᠭᠠᠨ ᠠᠪᠬᠤ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠳᠠᠯᠳᠠ ᠭᠡᠮ ᠤᠨ ᠠᠰᠠᠭᠤᠳᠠᠯ ᠢ ᠭᠤᠣᠯ ᠬᠠᠷᠢᠭᠤᠴᠠᠯᠭᠠᠲᠠᠨ ᠠᠴᠠ | ᠬᠢᠨᠠᠵᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ | ︵ᠭᠤᠷᠪᠠ︶ᠲᠥᠪᠯᠡᠷᠡᠭᠦᠯᠦᠨ ᠪᠠᠶᠢᠴᠠᠭᠠᠬᠤ ᠱᠠᠲᠤ ᠦᠶ᠎ᠡ 8 ᠳ᠋ᠤᠭᠠᠷ ᠰᠠᠷ᠎ᠠ ᠶᠢᠨ 1 ᠤ ᠡᠳᠦᠷ ᠠᠴᠠ 10 | ᠳ᠋ᠤᠭᠠᠷ ᠰᠠᠷ᠎ᠠ ᠶᠢᠨ 31 ᠤ ᠡᠳᠦᠷ | ᠱᠠᠭᠠᠷᠳᠠᠯᠭ᠎ᠠ ᠶᠣᠰᠣᠭᠠᠷ᠂ ᠲᠤᠰᠬᠠᠢ ᠬᠠᠤᠯᠢ ᠬᠡᠷᠡᠭᠵᠢᠭᠦᠯᠬᠦ ᠬᠦᠴᠦᠨ ᠢ ᠵᠣᠬᠢᠶᠠᠨ ᠪᠠᠶᠢᠭᠤᠯᠵᠤ᠂ ᠬᠠᠷᠢᠶ᠎ᠠ | ᠣᠷᠣᠨ ᠤ ᠳᠣᠲᠣᠷᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠳᠤ ᠪᠦᠬᠦᠨ ᠢ ᠬᠠᠮᠤᠷᠤᠭᠰᠠᠨ | ᠲᠥᠪᠯᠡᠷᠡᠭᠦᠯᠦᠨ ᠪᠠᠶᠢᠴᠠᠭᠠᠯᠲᠠ ᠬᠢᠵᠦ᠂ ︽ᠰᠢᠭᠰᠢᠨ ᠪᠠᠶᠢᠴᠠᠭᠠᠭᠴᠢ︾ ᠶᠢ ᠳᠠᠪᠠᠵᠤ᠂ ᠣᠯᠵᠤ ᠮᠡᠳᠡᠭᠰᠡᠨ ᠠᠰᠠᠭᠤᠳᠠᠯ ᠤᠨ | ᠳᠠᠯᠳᠠ ᠭᠡᠮ ᠢ ᠬᠠᠤᠯᠢ ᠬᠡᠷᠡᠭᠵᠢᠭᠦᠯᠬᠦ ᠰᠢᠰᠲ᠋ᠧᠮ ᠳᠤ ᠣᠷᠣᠭᠤᠯᠬᠤ ᠶᠢᠨ ᠬᠠᠮᠲᠤ ᠴᠢᠩᠭ᠎ᠠ ᠰᠢᠢᠳᠪᠦᠷᠢᠯᠡᠵᠦ᠂ | ᠦᠢᠯᠡᠳᠪᠦᠷᠢᠯᠡᠯ ᠵᠣᠭᠰᠣᠬᠤ ᠴᠢᠬᠤᠯᠠᠲᠠᠢ ᠶᠢ ᠨᠢ ᠦᠢᠯᠡᠳᠪᠦᠷᠢᠯᠡᠯ ᠵᠣᠭᠰᠣᠭᠠᠵᠤ᠂ ᠫᠠᠶᠢᠰᠠ ᠡᠯᠭᠦᠨ ᠰᠢᠮᠳᠠᠭᠤᠯᠤᠨ | ᠰᠢᠢᠳᠪᠦᠷᠢᠯᠡᠭᠦᠯᠬᠦ ᠴᠢᠬᠤᠯᠠᠲᠠᠢ ᠶᠢ ᠨᠢ ᠫᠠᠶᠢᠰᠠ ᠡᠯᠭᠦᠨ ᠰᠢᠮᠳᠠᠭᠤᠯᠤᠨ ᠰᠢᠢᠳᠪᠦᠷᠢᠯᠡᠭᠦᠯᠬᠦ ᠬᠡᠷᠡᠭᠲᠡᠢ︔ ᠣᠯᠵᠤ | ᠮᠡᠳᠡᠭᠰᠡᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠡᠷᠬᠡᠪᠰᠢ ᠦᠷᠭᠦᠯᠵᠢᠯᠡᠨ ᠴᠢᠩᠭ᠎ᠠ ᠠᠩᠬᠠᠷᠴᠤ᠂ | ᠲᠡᠷᠡᠴᠢᠯᠡᠨ ᠨᠠᠶᠢᠳᠠᠪᠤᠷᠢᠵᠢᠭᠤᠯᠤᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠬᠡᠷᠡᠭᠲᠡᠢ᠃ | ︵ᠳᠥᠷᠪᠡ︶ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ ( 11 ᠳ᠋ᠦᠭᠡᠷ ᠰᠠᠷ᠎ᠠ ᠶᠢᠨ 1 ᠤ ᠡᠳᠦᠷ ᠠᠴᠠ 11 | ᠳ᠋ᠦᠭᠡᠷ ᠰᠠᠷ᠎ᠠ ᠶᠢᠨ 20 ᠤ ᠡᠳᠦᠷ) | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢᠮ ᠢ | ᠰᠤᠯᠠᠷᠠᠭᠤᠯᠬᠤ ᠦᠭᠡᠢ ᠪᠠᠶᠢᠬᠤ ᠰᠠᠭᠤᠷᠢᠨ ᠳᠡᠭᠡᠷ᠎ᠡ᠂ ᠲᠤᠰ ᠡᠭᠡᠯᠵᠢ ᠶᠢᠨ ᠵᠠᠰᠠᠯᠲᠠ ᠶᠢᠨ ᠲᠤᠷᠰᠢᠯᠭ᠎ᠠ ᠰᠤᠷᠭᠠᠮᠵᠢ ᠶᠢ | ᠳ᠋ᠦᠩᠨᠡᠵᠦ᠂ ᠰᠢᠯᠢᠳᠡᠭ ᠠᠷᠭ᠎ᠠ ᠬᠢᠳᠡᠯ ᠢ ᠬᠤᠷᠠᠮᠳᠤᠭᠤᠯᠬᠤ ᠬᠡᠷᠡᠭᠲᠡᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ ᠡᠯ᠎ᠡ ᠪᠠᠶᠢᠴᠠᠭᠠᠬᠤ ᠳᠤᠭᠤᠶᠢᠯᠠᠩ | ᠲᠣᠰ ᠤᠳᠠᠭᠠᠨ ᠤ ᠠᠵᠢᠯᠯᠠᠭ᠎ᠠ ᠶᠢᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠭᠦᠷᠭᠡ | ᠬᠠᠷᠢᠭᠤᠴᠠᠯᠭ᠎ᠠ ᠶᠢᠨ ᠡᠷᠬᠡ ᠮᠡᠳᠡᠯ ᠤᠨ ᠶᠣᠰᠣᠭᠠᠷ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ | ᠶᠡᠬᠡᠪᠡᠷ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ ᠪᠣᠳᠠᠲᠠᠢ ᠠᠳᠬᠤᠵᠤ᠂ ᠦᠷ᠎ᠡ | ᠪᠦᠲᠦᠮᠵᠢ ᠭᠠᠷᠭᠠᠬᠤ ᠬᠡᠷᠡᠭᠲᠡᠢ᠃ | ︵ᠬᠤᠶᠠᠷ︶ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠪᠠᠶᠢᠴᠠᠭᠠᠬᠤ | ᠳᠤᠮᠳᠠ ᠬᠠᠤᠯᠢ ᠬᠡᠷᠡᠭᠵᠢᠭᠦᠯᠬᠦ ᠳᠡᠭᠡᠨ ︽ᠪᠣᠳᠠᠲᠤ ᠶᠠᠪᠤᠳᠠᠯ ᠨᠢ ᠲᠣᠳᠣᠷᠬᠠᠢ᠂ ᠭᠡᠷᠡᠴᠢ ᠪᠠᠷᠢᠮᠲᠠ ᠨᠢ ᠦᠨᠡᠨ ᠪᠣᠳᠠᠲᠠᠢ᠂ | ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ᠂ ᠴᠢᠯᠦᠭᠡᠲᠦ ᠲᠠᠰᠤᠯᠤᠯᠲᠠ ᠶᠢᠨ ᠤᠴᠢᠷ ᠰᠢᠯᠲᠠᠭᠠᠨ ᠨᠢ ᠭᠦᠢᠴᠡᠳ | ᠪᠠᠶᠢᠬᠤ︾ ᠶᠢ ᠪᠡᠶᠡᠯᠡᠭᠦᠯᠬᠦ ᠬᠡᠷᠡᠭᠲᠡᠢ︔ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠬᠡᠷᠡᠭᠵᠢᠭᠦᠯᠬᠦ ᠬᠡᠪ ᠰᠤᠷᠲᠠᠯ᠂ | ᠬᠠᠤᠯᠢ ᠬᠡᠷᠡᠭᠵᠢᠭᠦᠯᠬᠦ ᠦᠭᠡ ᠬᠡᠯᠡᠯᠭᠡ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ︵ᠭᠤᠷᠪᠠ︶ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠡᠬᠡ ᠳᠠᠩᠰᠠ ᠪᠠᠶᠢᠭᠤᠯᠬᠤ ᠬᠡᠷᠡᠭᠲᠡᠢ᠃ ᠣᠯᠵᠤ | ᠮᠡᠳᠡᠭᠰᠡᠨ ᠠᠮᠤᠷ ᠲᠦᠪᠰᠢᠨ ᠤ ᠬᠡᠮ ᠰᠣᠭᠤᠭ ᠢ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ | ᠳᠡᠶᠢᠯᠬᠦ ᠶᠢ ᠨᠢ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠵᠤ᠂ ᠲᠤᠬᠠᠢ ᠶᠢᠨ ᠲᠠᠯᠠᠪᠤᠷ ᠲᠤᠨᠢ ᠴᠡᠭᠴᠡᠯᠡᠨ | ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ | ᠬᠠᠮᠲᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠵᠦ᠂ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ | ᠪᠠᠶᠢᠴᠠᠭᠠᠯᠲᠠ ᠶᠢᠨ ᠡᠬᠡ ᠲᠠᠩᠰᠠ ᠶᠢ ᠰᠠᠶᠢᠲᠤᠷ ᠲᠡᠭᠦᠯᠳᠡᠷᠵᠢᠭᠦᠯᠵᠦ᠂ ᠲᠣᠪᠴᠢᠶ᠎ᠠ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠠᠯᠪᠠᠨ ᠭᠡᠷ ᠲᠤ ᠲᠤᠰᠢᠶᠠᠵᠤ ᠲᠠᠩᠰᠠ ᠡᠪᠬᠡᠮᠡᠯ ᠳᠤ ᠬᠠᠳᠠᠭᠠᠯᠠᠬᠤ ᠬᠡᠷᠡᠭᠲᠡᠢ᠃ | ︵ᠳᠥᠷᠪᠡ︶ᠦᠷ᠎ᠡ ᠪᠦᠲᠦᠮᠵᠢ ᠪᠠᠨ ᠪᠠᠬᠢᠵᠢᠭᠦᠯᠵᠦ᠂ ᠤᠷᠲᠤ ᠬᠤᠭᠤᠴᠠᠭ᠎ᠠ ᠪᠠᠷ ᠪᠦᠲᠦᠮᠵᠢᠲᠡᠢ ᠬᠠᠮᠢᠶᠠᠷᠤᠨ᠎ᠠ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠵᠠᠩᠭᠢᠯᠠᠭ᠎ᠠ ᠶᠢᠨ ᠭᠤᠭᠴᠤᠭ᠎ᠠ ᠶᠢ ᠠᠩᠬᠠᠷᠤᠨ᠂ ᠠᠰᠠᠭᠤᠳᠠᠯ ᠤᠨ ᠦᠨᠳᠦᠰᠦ ᠰᠣᠷᠪᠣᠯᠵᠢ ᠶᠢ ᠭᠦᠨᠵᠡᠭᠡᠢ ᠠᠭᠤᠳᠠᠯᠵᠤ᠂ | ᠣᠷᠳᠣ ᠬᠤᠭᠤᠴᠠᠭᠠᠨ ᠤ ᠪᠦᠳᠦᠮᠵᠢᠳᠡᠢ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ᠂ ᠬᠠᠮᠢᠶᠠᠷᠤᠯᠲᠠ ᠶᠢᠨ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠠᠮᠤᠷ ᠲᠣᠭᠲᠠᠭᠤᠨ ᠬᠥᠭᠵᠢᠯᠲᠡ ᠶᠢ | ᠦᠷᠭᠦᠯᠵᠢᠯᠡᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃ | | |