ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠬᠡᠷᠬᠢᠨ ᠨᠠᠩ ᠳᠣᠪᠤᠶᠢᠯᠭᠠᠬᠤ ᠪᠣᠶ ︵ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ · 2024 ᠣᠨ ᠳᠤ ᠳᠤᠮᠳᠠᠳᠤ ᠤᠯᠤᠰ ᠤᠨ ᠠᠵᠤ ᠠᠬᠤᠢ ᠢᠩᠭᠢᠵᠦ ᠠᠵᠢᠯᠯᠠᠨ᠎ᠠ︶
ᠨᠡᠶᠢᠲᠡᠯᠡᠭᠰᠡᠨ ᠴᠠᠭ᠄
2024/6/5
    2023 ᠣᠨ ᠳᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠭᠤᠣᠯ ᠭᠦᠢᠴᠡᠳᠬᠡᠯ ᠲᠤᠭ᠎ᠠ ᠠᠮᠵᠢᠯᠲᠠ ᠲᠠᠢ ᠪᠡᠶᠡᠯᠡᠭᠳᠡᠵᠦ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠤ ᠪᠠᠨ ᠰᠠᠶᠢᠵᠢᠷᠠᠪᠠ᠄ 1 — 12 ᠳ᠋ᠤᠭᠠᠷ ᠰᠠᠷ᠎ᠠ ᠳᠤ᠂ ᠪᠥᠬᠦ ᠤᠯᠤᠰ ᠤᠨ ᠬᠤᠲᠠ ᠪᠠᠯᠭᠠᠰᠤᠨ ᠤ 1244 ᠲᠦᠮᠡᠨ ᠬᠥᠮᠥᠨ ᠠᠵᠢᠯ ᠣᠯᠵᠤ᠂ 12 ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠨ ᠨᠣᠷᠮ᠎ᠠ 5.1% ᠪᠠᠶᠢᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠵᠢᠱᠢᠯᠲᠡ ᠠᠴᠠ ᠰᠠᠶᠢᠨ ᠪᠣᠯᠪᠠ᠃     ︽ᠬᠠᠨᠳᠤᠰᠢ ᠠᠴᠠ ᠦᠵᠡᠪᠡᠯ᠂ 2024 ᠣᠨ ᠤ ᠠᠵᠢᠯ ᠣᠯᠭᠤᠯᠲᠠ ᠶᠢᠨ ᠠᠵᠢᠯ ᠲᠣᠭᠲᠠᠭᠤᠨ ᠰᠠᠭᠤᠷᠢ ᠲᠠᠢ᠃  ᠠᠵᠤ  ᠠᠬᠤᠢ ᠶᠢᠨ ᠨᠡᠮᠡᠭᠳᠡᠯ ᠤᠯᠠᠮ ᠨᠢᠭᠡ ᠠᠯᠬᠤᠮ ᠰᠡᠷᠭᠦᠵᠦ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠷᠭᠦᠯᠵᠢᠯᠡᠨ ᠪᠠᠳᠠᠷᠠᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠪᠠᠲᠤ ᠪᠠᠬᠢ ᠲᠤᠰᠠᠯᠠᠮᠵᠢ ᠬᠠᠩᠭᠠᠵᠤ ᠪᠤᠢ᠃︾ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠣᠯᠭᠤᠯᠲᠠ ᠶᠢ ᠠᠬᠢᠭᠤᠯᠬᠤ ᠵᠤᠷᠭᠠᠨ ᠤ ᠳᠠᠷᠤᠭ᠎ᠠ ᠵᠠᠩ ᠶᠢᠩ ᠢᠯᠡᠷᠬᠡᠶᠢᠯᠡᠬᠦ ᠳᠤ ᠪᠠᠨ᠂ ᠡᠨᠡ ᠵᠢᠯ ᠲᠥᠪ ᠤᠨ ᠠᠵᠤ ᠠᠬᠤᠢ  ᠶᠢᠨ  ᠠᠵᠢᠯ ᠤᠨ ᠬᠤᠷᠠᠯ ᠠᠴᠠ  ᠳᠤᠷᠠᠳᠤᠭᠰᠠᠨ ᠱᠠᠭᠠᠷᠳᠠᠯᠭ᠎ᠠ ᠶᠣᠰᠣᠭᠠᠷ᠂ ︽ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠨᠠᠩ ᠳᠣᠪᠤᠶᠢᠯᠭᠠᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ︾᠂ ᠠᠵᠢᠯ ᠣᠯᠭᠤᠯᠲᠠ ᠶᠢᠨ ᠰᠠᠶᠢᠵᠢᠷᠠᠬᠤ ᠬᠠᠨᠳᠤᠰᠢ ᠶᠢ ᠬᠦᠴᠦᠯᠡᠨ ᠪᠠᠬᠢᠵᠢᠭᠦᠯᠦᠨ᠎ᠡ ᠭᠡᠵᠡᠢ᠃     ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠠᠳᠠᠷᠠᠭᠤᠯᠤᠨ᠎ᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠠᠰᠢᠭᠲᠠᠢ ᠲᠦᠷᠦ ᠶᠢᠨ ᠪᠣᠳᠣᠯᠭ᠎ᠠ ᠶᠢ ᠢᠯᠡᠭᠦᠬᠡᠨ ᠨᠡᠶᠢᠲᠡᠯᠡᠵᠦ᠂ ᠠᠵᠤ ᠠᠬᠤᠢ ᠶᠢᠨ ᠪᠤᠰᠤ ᠲᠦᠷᠦ ᠶᠢᠨ ᠪᠣᠳᠣᠯᠭ᠎ᠠ ᠶᠢ ᠨᠡᠶᠢᠲᠡᠯᠡᠵᠦ ᠠᠵᠢᠯ ᠣᠯᠭᠤᠯᠲᠠ ᠶᠢᠨ ᠨᠥᠯᠥᠭᠡ ᠶᠢ ᠵᠡᠷᠭᠡ ᠪᠠᠷ ᠦᠨᠡᠯᠡᠨ ᠵᠢᠱᠢᠬᠦ ᠶᠢ ᠠᠬᠢᠭᠤᠯᠤᠨ᠂ ᠡᠳ᠋ ᠤᠨ ᠵᠠᠰᠠᠭ ᠤᠨ ᠨᠥᠬᠦᠪᠦᠷᠢ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠮᠥᠩᠭᠦᠨ ᠭᠦᠢᠯᠭᠡᠭᠡᠨ ᠤ ᠳᠡᠮᠵᠢᠯᠭᠡ᠂ ᠨᠡᠶᠢᠭᠡᠮ ᠤᠨ ᠪᠠᠲᠤᠯᠠᠭ᠎ᠠ ᠵᠡᠷᠭᠡ ᠳᠡᠮᠵᠢᠯᠭᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠪᠠᠷ ᠠᠵᠢᠯ ᠣᠯᠭᠤᠯᠲᠠ ᠶᠢ ᠠᠬᠢᠭᠤᠯᠬᠤ ᠠᠰᠢᠭ ᠢ ᠪᠠᠳᠠᠷᠠᠭᠤᠯᠤᠨ᠎ᠠ᠃     ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯ ᠤᠨ ᠪᠠᠶᠢᠷᠢ ᠶᠢᠨ ᠣᠷᠣᠨ ᠵᠠᠢ ᠶᠢ ᠠᠭᠤᠳᠠᠯᠤᠨ᠎ᠠ᠃ ᠠᠵᠢᠯ ᠣᠯᠭᠤᠯᠲᠠ ᠶᠢᠨ ᠠᠵᠤ ᠦᠢᠯᠡᠰ ᠤᠨ ᠬᠠᠮᠵᠢᠯᠴᠠᠨ ᠬᠥᠳᠡᠯᠦᠯᠴᠡᠬᠦ ᠲᠣᠭᠲᠠᠯᠴᠠᠭ᠎ᠠ ᠶᠢ ᠦᠷᠭᠦᠯᠵᠢᠯᠡᠨ ᠪᠦᠷᠢᠨᠰᠢᠭᠦᠯᠵᠦ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠪᠤᠭᠤᠷᠤᠯᠴᠤᠳ ᠤᠨ ᠠᠵᠤ ᠠᠬᠤᠢ ᠵᠡᠷᠭᠡ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠵᠦ᠂ ᠨᠡᠩ ᠤᠯᠠᠨ ᠰᠢᠨ᠎ᠡ ᠠᠵᠢᠯ ᠤᠨ ᠪᠠᠶᠢᠷᠢ ᠶᠢ ᠡᠭᠦᠳᠦᠨ᠎ᠡ᠃     ᠭᠤᠣᠯᠳᠠᠯᠭ᠎ᠠ ᠶᠢ ᠠᠳᠬᠤᠵᠤ᠂ ᠠᠵᠢᠯ ᠣᠯᠭᠤᠯᠲᠠ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠲᠤ ᠠᠵᠢᠯ ᠣᠯᠭᠤᠬᠤ ᠳᠡᠮᠵᠢᠯᠭᠡ ᠶᠢ ᠴᠢᠩᠭᠠᠳᠬᠠᠵᠤ᠂ ᠲᠤᠰᠬᠠᠢ ᠦᠢᠯᠡᠴᠢᠯᠡᠭᠡ  ᠶᠢ ᠴᠢᠩᠭᠠᠷᠠᠭᠤᠯᠤᠨ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ ᠶᠢ ᠵᠣᠯᠭᠠᠭᠤᠯᠤᠭᠰᠠᠨ᠂ ᠵᠠᠯᠠᠭᠤᠴᠤᠳ ᠤᠨ ᠠᠵᠢᠯ ᠣᠯᠵᠤ ᠦᠰᠦᠨ ᠪᠣᠶᠢᠵᠢᠬᠤ ᠶᠢ ᠠᠬᠢᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ︔ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠤᠵᠠᠭᠠᠶᠢᠷᠠᠭᠤᠯᠵᠤ᠂ ᠨᠤᠲᠤᠭ ᠲᠤ ᠪᠠᠨ ᠪᠤᠴᠠᠵᠤ ᠦᠢᠯᠡᠰ  ᠪᠣᠰᠬᠠᠬᠤ  ᠶᠢ ᠳᠡᠮᠵᠢᠨ᠎ᠡ︔ ᠠᠵᠢᠯ ᠣᠯᠬᠤ ᠳᠤ ᠬᠦᠴᠢᠷᠲᠡᠢ ᠬᠥᠮᠥᠰ ᠢ  ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠲᠡᠭᠦᠯᠳᠡᠷᠵᠢᠭᠦᠯᠦᠨ᠂ ᠠᠵᠢᠯ ᠣᠯᠭᠤᠯᠲᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤ ᠰᠠᠬᠢᠨ᠎ᠠ᠃     ︽ᠡᠭᠦᠨ ᠠᠴᠠ ᠭᠠᠳᠠᠨ᠎ᠠ᠂ ᠡᠨᠡ ᠵᠢᠯ ᠪᠠᠰᠠ ᠪᠦᠬᠦ ᠤᠯᠤᠰ ᠤᠨ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠭᠠᠷᠭᠠᠨ᠂ ᠭᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠵᠠᠭᠪᠤᠷ ᠢ ᠪᠤᠶ ᠪᠣᠯᠭᠠᠵᠤ᠂ ᠣᠯᠠᠨ ᠲᠦᠮᠡᠨ ᠤ ᠮᠡᠳᠡᠷᠡᠵᠦ ᠬᠦᠷᠲᠡᠬᠦ᠋ᠢᠴᠡ ᠨᠡᠩ ᠣᠯᠠᠨ ᠠᠵᠢᠯ ᠣᠯᠭᠤᠯᠲᠠ ᠶᠢᠨ ᠦᠢᠯᠡᠴᠢᠯᠡᠭᠡ ᠶᠢ ᠬᠠᠩᠭᠠᠬᠤ ᠪᠣᠯᠣᠨ᠎ᠠ︾ ᠭᠡᠵᠦ ᠵᠠᠩ ᠶᠢᠩ ᠬᠡᠯᠡᠪᠡ᠃     ᠣᠳᠣᠬᠠᠨ ᠳᠤ᠂ ᠰᠢᠨ᠎ᠡ ᠨᠢᠭᠡ ᠵᠢᠯ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠶᠠᠭ ᠵᠠᠯᠭᠠᠭ᠎ᠠ ᠪᠠᠷ ᠪᠣᠳᠠᠲᠠᠶᠢᠵᠢᠭᠤᠯᠵᠤ ᠪᠠᠶᠢᠨ᠎ᠠ᠃ ᠠᠵᠢᠯ ᠣᠯᠬᠤ ᠳᠤ ᠬᠦᠴᠢᠷᠲᠡᠢ ᠬᠥᠮᠥᠰ᠂ ᠠᠵᠢᠯ ᠠᠯᠳᠠᠭᠰᠠᠨ ᠵᠡᠮᠳᠡᠭᠴᠦᠳ ᠲᠤ ᠵᠣᠷᠢᠭᠤᠯᠤᠭᠰᠠᠨ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ ᠶᠢᠨ ᠠᠵᠢᠯᠯᠠᠭ᠎ᠠ ᠶᠢ ᠨᠢᠭᠡᠨᠲᠡ ᠡᠬᠢᠯᠡᠭᠦᠯᠵᠦ᠂ ᠴᠥᠭᠡᠨ ᠪᠤᠰᠤ ᠭᠠᠵᠠᠷ ᠣᠷᠣᠨ ᠤ ᠬᠢᠨ ︽ᠠᠵᠢᠯ ᠣᠯᠭᠤᠯᠲᠠ ᠶᠢᠨ ᠮᠤᠬᠤᠯᠠᠭ︾  ᠭᠠᠷᠭᠠᠵᠤ᠂  ᠠᠵᠢᠯ  ᠤᠨ  ᠪᠠᠶᠢᠷᠢ  ᠶᠢᠨ  ᠮᠡᠳᠡᠭᠡ  ᠵᠠᠩᠭᠢ  ᠶᠢ  ᠤᠯᠠᠨ  ᠲᠦᠮᠡᠨ  ᠤ ᠳᠡᠷᠭᠡᠳᠡ ᠬᠦᠷᠭᠡᠵᠦ ᠪᠠᠶᠢᠨ᠎ᠠ᠃ 2024 ᠣᠨ ᠤ ᠬᠠᠪᠤᠷ ᠤᠨ ᠤᠷᠢ ᠠᠵᠢᠯᠯᠠᠭ᠎ᠠ ᠶᠢ ᠨᠢᠭᠡᠨᠲᠡ ᠪᠥᠬᠦ ᠤᠯᠤᠰ ᠲᠤ ᠥᠷᠨᠢᠭᠦᠯᠵᠦ᠂ ᠵᠢᠱᠢᠯᠲᠡ ᠪᠠᠷ 3000 ᠲᠦᠮᠡᠨ ᠠᠵᠢᠯ ᠤᠨ ᠪᠠᠶᠢᠷᠢ ᠬᠠᠩᠭᠠᠬᠤ ᠪᠣᠯᠣᠨ᠎ᠠ᠃     ︽ᠪᠢᠳᠡ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠵᠢᠮ᠎ᠡ ᠶᠣᠰᠣ ᠲᠠᠢ ᠤᠶᠠᠯᠳᠤᠭᠤᠯᠤᠨ᠂ ᠬᠥᠳᠡᠯᠮᠦᠷᠢᠴᠢᠳ ᠤᠨ ᠬᠡᠷᠡᠭᠴᠡᠭᠡ ᠶᠢ ᠦᠨᠳᠦᠰᠦᠯᠡᠨ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠪᠠ ᠡᠯ᠎ᠡ ᠲᠥᠷᠥᠯ ᠤᠨ ᠠᠵᠢᠯᠴᠢᠨ ᠬᠡᠷᠡᠭᠯᠡᠬᠦ ᠠᠵᠤ ᠠᠬᠤᠶᠢᠯᠠᠯ ᠢ ᠬᠠᠮᠤᠷᠴᠤ᠂ ︿ᠰᠠᠷ᠎ᠠ ᠪᠣᠯᠭᠠᠨ ᠡᠯᠰᠡᠯᠲᠡ ᠲᠠᠢ᠂ ᠦᠢᠯᠡᠴᠢᠯᠡᠭᠡ ᠶᠢ ᠲᠠᠰᠤᠯᠳᠠᠭᠤᠯᠬᠤ ᠦᠭᠡᠢ﹀ ᠶᠢ ᠴᠢᠷᠮᠠᠶᠢᠨ ᠪᠡᠶᠡᠯᠡᠭᠦᠯᠦᠨ᠎ᠡ︾ ᠭᠡᠵᠦ ᠵᠠᠩ ᠶᠢᠩ ᠬᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号