ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠣᠨᠣᠯ ᠰᠣᠷᠣᠯᠴᠠᠬᠤ ᠭᠤᠣᠯ ᠳᠤᠭᠤᠶᠢᠯᠠᠩ 2024 ᠣᠨ ᠤ 6 ᠤᠳᠠᠭᠠᠨ ᠤ ᠲᠥᠪᠯᠡᠷᠡᠭᠦᠯᠦᠨ ᠰᠣᠷᠣᠯᠴᠠᠬᠤ ᠰᠤᠳᠤᠯᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/6
    6 ᠰᠠᠷ᠎ᠠ ᠶᠢᠨ 4 ᠤ ᠡᠳᠦᠷ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠣᠨᠣᠯ ᠰᠣᠷᠣᠯᠴᠠᠬᠤ ᠭᠤᠣᠯ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠲᠥᠪᠯᠡᠷᠡᠭᠦᠯᠦᠨ ᠰᠣᠷᠣᠯᠴᠠᠪᠠ᠃ ᠨᠠᠮ ᠤᠨ ᠠᠵᠢᠯ ᠤᠨ ᠬᠤᠷᠢᠶ᠎ᠠ ᠶᠢᠨ ᠱᠦᠵᠢ ᠴᠢᠶᠣᠤ ᠵᠢᠶᠠᠨ ᠴᠢᠶᠠᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠶᠢᠨ ᠲᠣᠭᠤᠷᠢᠨ ᠳᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠬᠤ᠂ ᠬᠢᠨᠠᠯᠲᠠ ᠲᠠᠯᠪᠢᠵᠤ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠷᠢᠭᠤᠨ ᠴᠢᠬᠡᠴᠢ ᠪᠠᠷ ᠠᠵᠢᠯ ᠬᠢᠵᠦ ᠦᠢᠯᠡᠰ ᠪᠣᠰᠬᠠᠬᠤ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃     ᠲᠡᠷᠡ᠂ ᠭᠠᠵᠠᠷ ᠤᠨ ᠲᠡᠰ ᠤᠨ ᠤᠳᠤᠷᠢᠳᠬᠤ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠲᠦᠷᠦᠭᠦᠯᠡᠨ ᠭᠦᠨᠵᠡᠭᠡᠢ ᠣᠶᠢᠯᠠᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠳᠠᠶᠢᠴᠢᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠦᠵᠡᠯ ᠰᠠᠨᠠᠭ᠎ᠠ ᠲᠠᠨᠢᠯᠲᠠ ᠪᠠᠨ ᠲᠠᠬᠢᠨ ᠳᠡᠭᠡᠭᠰᠢᠯᠡᠭᠦᠯᠵᠦ᠂ ᠠᠵᠢᠯᠯᠠᠭ᠎ᠠ ᠶᠢᠨ ᠤᠬᠠᠮᠰᠠᠷ ᠢᠶᠠᠨ ᠲᠠᠬᠢᠨ ᠳᠡᠭᠡᠭᠰᠢᠯᠡᠭᠦᠯᠵᠦ᠂ ᠳᠦᠷᠢᠮ ᠲᠣᠭᠲᠠᠴᠠ ᠪᠠᠨ ᠲᠠᠬᠢᠨ ᠪᠦᠷᠢᠨᠰᠢᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠲᠠᠬᠢᠨ ᠪᠠᠲᠤᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠲᠠᠢ ᠤᠶᠠᠯᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号