ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠯᠡᠰᠦ ᠶᠢ ᠠᠷᠭ᠎ᠠ ᠳᠡᠮᠲᠡᠢ ᠵᠠᠰᠠᠰᠤᠭᠠᠢ
ᠨᠡᠶᠢᠲᠡᠯᠡᠭᠰᠡᠨ ᠴᠠᠭ᠄
2024/6/6
     — ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠲᠡᠮᠡᠴᠡᠨ ᠣᠯᠬᠤ ᠲᠤᠬᠠᠢ ᠳᠥᠷᠪᠠᠨᠲᠡ ᠥᠭᠦᠯᠡᠬᠦ  ᠨᠢ

     ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ

ᠬᠡᠷᠡᠭᠲᠡᠢ᠂ ᠪᠠᠰᠠ ᠰᠢᠨᠵᠢᠯᠡᠬᠦ ᠤᠬᠠᠭᠠᠨ ᠢ ᠡᠷᠬᠢᠮᠯᠡᠵᠦ᠂ ᠦᠨᠡᠨ ᠠᠴᠠ ᠵᠥᠪ ᠢ ᠡᠷᠢᠬᠦ ᠶᠢ ᠡᠷᠭᠢᠮᠯᠡᠭᠦ ᠬᠡᠷᠡᠭᠲᠡᠢ᠃

ᠡᠳᠡᠭᠡᠷ ᠵᠢᠯ ᠤᠳ ᠲᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠲᠠᠯ᠎ᠠ ᠪᠠᠷ ᠬᠠᠮᠤᠭ ᠤᠨ ᠠᠮᠵᠢᠯᠲᠠ

ᠣᠯᠣᠭᠰᠠᠨ ᠭᠠᠵᠠᠷ ᠨᠢ ᠬᠡᠳᠦᠨ ᠦᠶ᠎ᠡ ᠶᠢᠨ ᠬᠥᠮᠥᠰ ᠤᠨ ᠬᠠᠮᠲᠤ ᠶᠢᠨ ᠴᠢᠷᠮᠠᠶᠢᠯᠭ᠎ᠠ ᠳᠤ ᠲᠦᠰᠢᠭᠯᠡᠭᠰᠡᠨ ᠢᠶᠠᠷ

ᠪᠠᠷᠠᠬᠤ ᠦᠭᠡᠢ ᠪᠠᠰᠠ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠷᠭ᠎ᠠ ᠪᠠᠷᠢᠯ ᠳᠤ ᠲᠦᠰᠢᠭᠯᠡᠭᠰᠡᠨ ᠶᠤᠮ᠃

     ᠣᠶᠢᠷ᠎ᠠ ᠳᠤ ᠮᠠᠰᠢ ᠣᠯᠠᠨ ᠰᠦᠯᠵᠢᠶᠡᠨ ᠠᠨᠳᠠ ᠨᠠᠷ ᠥᠪᠥᠷ ᠮᠣᠩᠭᠤᠯ ᠤᠨ ᠲᠡᠭᠷᠢ ᠡᠯᠡᠰᠦ ᠶᠢ ᠵᠠᠰᠠᠬᠤ

ᠦᠵᠡᠭᠳᠡᠯ ᠢ ᠬᠠᠷᠠᠭᠠᠳ ᠶᠡᠬᠡᠳᠡ ᠰᠣᠴᠢᠵᠠᠭᠠᠪᠠ᠃ ᠲᠡᠩᠭᠡᠯᠢᠭ ᠰᠢᠯᠵᠢᠭᠦᠯᠬᠦ ᠳᠤᠷᠠᠨ ᠤ ᠳᠣᠣᠷ᠎ᠠ᠂ ᠲᠡᠭᠷᠢ

ᠡᠯᠡᠰᠦᠨ ᠤ ᠭᠦᠨ ᠳᠠᠬᠢ ᠡᠯᠡᠰᠦ ᠶᠢ ᠵᠠᠰᠠᠬᠤ ᠲᠤᠬᠠᠢ ᠶᠢᠨ ᠲᠠᠯᠠᠪᠠᠢ ᠨᠢ ᠶᠠᠭ ᠯᠠ ᠠᠪᠴᠢᠭᠰᠠᠨ ᠣᠳᠣᠢ ᠬᠥᠮᠥᠨ ᠤ

ᠤᠯᠤᠰ ᠰᠢᠭ᠋ ᠪᠣᠯᠵᠤ᠂ ᠠᠵᠢᠯᠴᠢᠳ ᠰᠦᠯᠵᠢᠯᠳᠦᠨ ᠡᠯᠡᠰᠦ ᠶᠢ ᠵᠠᠰᠠᠬᠤ ︽ᠰᠢᠳᠢᠲᠦ ᠳᠥᠷᠪᠡᠯᠵᠢᠨ ᠬᠡᠰᠡᠭᠲᠦ

ᠡᠪᠡᠰᠦ︾ ᠶᠢ ᠶᠠᠭᠠᠷᠠᠯᠲᠠᠢ ᠳᠡᠪᠢᠰᠦᠨ᠎ᠡ᠃ ᠡᠨᠡ ᠪᠣᠯ ᠪᠣᠳᠠᠲᠤ ᠠᠵᠢᠯᠯᠠᠭ᠎ᠠ ᠪᠠᠷ ᠢᠶᠠᠨ ᠨᠡᠭᠦᠳᠡᠯ ᠡᠯᠡᠰᠦ ᠶᠢ

ᠬᠦᠯᠢᠶᠡᠰᠦᠯᠡᠬᠦ ᠡᠪᠡᠰᠦᠨ ᠬᠡᠷᠡᠮ ᠢ ᠪᠣᠰᠬᠠᠵᠤ ᠪᠠᠶᠢᠭ᠎ᠠ ᠶᠠᠪᠤᠳᠠᠯ ᠪᠣᠯᠣᠨ᠎ᠠ᠂ ᠨᠡᠩ ᠴᠤ ᠤᠶᠤᠨ ᠤᠬᠠᠭᠠᠨ ᠢᠶᠠᠷ ᠢᠶᠠᠨ

ᠡᠯᠡᠰᠦ ᠮᠠᠩᠬ᠎ᠠ ᠶᠢ ᠨᠣᠭᠤᠭᠠᠨ ᠪᠦᠷᠢᠳᠦ ᠪᠤᠯᠭᠠᠬᠤ ᠬᠠᠶᠢᠨ ᠰᠦᠪᠡᠭᠴᠢᠯᠡᠯᠲᠡ ᠪᠣᠯᠣᠨ᠎ᠠ᠃

     ᠵᠠᠮ ᠢᠶᠠᠷ ᠢᠶᠠᠨ ᠤᠷᠤᠭᠰᠢᠯᠠᠳᠠᠭ ᠯᠡ ᠶᠤᠮ ᠪᠣᠯ ᠯᠠᠪ ᠬᠤᠯᠠ ᠶᠠᠪᠤᠵᠤ ᠴᠢᠳᠠᠨ᠎ᠠ᠃ ᠥᠪᠥᠷ ᠮᠣᠩᠭᠤᠯ

ᠤᠮᠠᠷᠠᠲᠤ ᠶᠢᠨ ᠭᠤᠷᠪᠠᠨ ᠣᠷᠣᠨ ᠢ ᠬᠥᠨᠳᠡᠯᠡᠨ ᠰᠦᠨᠳᠠᠯᠡᠵᠦ᠂ ᠵᠡᠭᠦᠨ ᠳᠤᠮᠳᠠ ᠪᠠᠷᠠᠭᠤᠨ ᠣᠷᠣᠨ ᠤ

ᠬᠤᠭᠤᠷᠤᠨᠳᠤᠭᠢ ᠪᠠᠶᠢᠭᠠᠯᠢ ᠶᠢᠨ ᠣᠷᠴᠢᠨ ᠲᠣᠭᠤᠷᠢᠨ᠂ ᠭᠠᠵᠠᠷ ᠵᠦᠢ ᠶᠢᠨ ᠪᠠᠶᠢᠷᠢᠯᠠᠯ ᠪᠠ ᠨᠥᠬᠦᠴᠡᠯ ᠤᠨ ᠵᠥᠷᠢᠶ᠎ᠡ

ᠨᠡᠯᠢᠶᠡᠳ ᠶᠡᠭᠡ ᠪᠠᠶᠢᠵᠤ᠂ ᠠᠭᠤᠷ ᠠᠮᠢᠰᠬᠤᠯ᠂ ᠬᠥᠷᠥᠰᠥ ᠰᠢᠷᠣᠢ᠂ ᠭᠠᠵᠠᠷ ᠳᠣᠣᠷᠠᠬᠢ ᠤᠰᠤ᠂ ᠤᠷᠭᠤᠮᠠᠯ ᠤᠨ

ᠬᠤᠴᠢᠯᠭ᠎ᠠ ᠵᠡᠷᠭᠡ ᠨᠢ ᠴᠦ ᠲᠣᠰ ᠲᠣᠰ ᠲᠠᠭᠠᠨ ᠠᠳᠠᠯᠢ ᠦᠭᠡᠢ ᠪᠠᠶᠢᠳᠠᠭ᠂ ᠡᠨᠡ ᠨᠢ ᠡᠯᠡᠰᠦᠷᠬᠡᠭᠵᠢᠯ ᠢ ᠰᠡᠷᠭᠡᠶᠢᠯᠡᠨ

ᠡᠯᠡᠰᠦ ᠶᠢ ᠵᠠᠰᠠᠬᠤ ᠳᠤ ᠨᠢᠭᠡ ᠯᠡ ᠠᠳᠠᠯᠢ ᠪᠠᠶᠢᠵᠤ ᠪᠤᠯᠬᠤ ᠦᠭᠡᠢ᠂ ᠨᠠᠩ ᠴᠤ ︽ᠨᠢᠭᠡ ᠯᠡ ᠵᠦᠢᠯ ᠤᠨ ᠰᠢᠨ᠎ᠡ

ᠠᠷᠭ᠎ᠠ ᠶᠢ ᠲᠡᠷᠡ ᠪᠦᠭᠦᠨ ᠳᠤ ᠬᠡᠷᠡᠭᠯᠡᠵᠦ︾ ᠪᠤᠯᠬᠤ ᠦᠭᠡᠢ ᠭᠡᠳᠡᠭ ᠢ ᠲᠣᠭᠲᠠᠭᠠᠭᠰᠠᠨ ᠶᠤᠮ᠃ ᠡᠯᠡᠰᠦᠷᠬᠡᠭᠵᠢᠯ ᠢ

ᠰᠡᠷᠭᠡᠶᠢᠯᠡᠨ ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ ᠢᠯᠠᠯᠲᠠ ᠶᠢ ᠰᠠᠶᠢᠲᠤᠷ ᠲᠡᠮᠡᠴᠡᠨ ᠣᠯᠬᠤ ᠳᠤ᠂ ᠠᠭᠤᠯᠠ

ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ

ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠤᠨ ᠭᠤᠣᠯᠳᠠᠯᠭ᠎ᠠ᠂ ᠬᠦᠴᠢᠷ

ᠠᠰᠠᠭᠤᠳᠠᠯ᠂ ᠬᠤᠷᠢᠭ᠎ᠠ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠢ ᠶᠢᠨ ᠭᠠᠵᠠᠷ ᠣᠷᠣᠨ ᠤ

ᠪᠠᠶᠢᠳᠠᠯ ᠳᠠᠭᠠᠨ ᠲᠣᠬᠢᠷᠠᠭᠤᠯᠤᠨ᠂ ᠭᠠᠮᠰᠢᠭ ᠠᠴᠠ ᠪᠣᠯᠵᠤ ᠰᠡᠷᠭᠡᠶᠢᠯᠡᠯᠲᠡ ᠬᠢᠵᠦ᠂ ᠳᠦᠷᠦᠯ ᠬᠤᠪᠢᠶᠠᠨ ᠳᠦᠷᠦ ᠶᠢᠨ

ᠪᠣᠳᠣᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠳᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠬᠥᠪᠴᠢ ᠶᠢᠨ

ᠵᠠᠭᠪᠤᠷ︾᠂ ︽ᠳ᠋ᠧᠩᠺᠸᠦ ᠶᠢᠨ ᠵᠠᠭᠪᠤᠷ︾᠂ ︽ᠭᠤᠷᠪᠠᠨ ᠡᠰᠢᠲᠦ ᠭᠡᠯᠪᠡᠷᠢ ᠪᠠᠷ ᠡᠯᠡᠰᠦ ᠶᠢ ᠵᠠᠰᠠᠬᠤ︾ ᠵᠡᠷᠭᠡ

ᠵᠠᠭᠪᠤᠷ ᠢ ᠢᠯᠡᠭᠦᠬᠡᠨ ᠰᠦᠪᠡᠭᠴᠢᠯᠡᠵᠦ᠂ ᠡᠯᠡᠰᠦ ᠶᠢ ᠵᠠᠰᠠᠬᠤ ︽ᠡᠮ ᠤᠨ ᠵᠣᠷ︾ ᠢ ᠤᠯᠠᠮ ᠠᠴᠠ ᠤᠯᠠᠮ ᠰᠢᠨᠵᠢᠯᠡᠬᠦ

ᠤᠬᠠᠭᠠᠨᠴᠢ ᠤᠯᠠᠨ ᠶᠠᠩᠵᠤ ᠶᠢᠨ ᠪᠣᠯᠭᠠᠪᠠᠯ ᠡᠯᠡᠰᠦ ᠶᠢ ᠵᠠᠰᠠᠬᠤ ᠦᠷ᠎ᠡ ᠪᠦᠲᠦᠮᠵᠢ ᠰᠠᠶ᠋ᠢ ᠤᠯᠠᠮ ᠠᠴᠠ ᠤᠯᠠᠮ ᠢᠯᠡ

ᠲᠣᠪᠤᠶᠢᠮ᠎ᠠ ᠪᠣᠯᠣᠨ᠎ᠠ᠃

    ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠮᠢᠩᠭᠠᠨ

ᠵᠢᠯ ᠠᠰᠢᠭ ᠭᠦᠷᠲᠡᠭᠦ ᠶᠠᠪᠤᠳᠠᠯ ᠪᠠᠶᠢᠵᠤ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠬᠤ ᠬᠡᠷᠡᠭᠲᠡᠢ ᠪᠥᠭᠡᠳ ᠨᠡᠩ ᠴᠤ

ᠠᠷᠭ᠎ᠠ ᠳᠡᠮᠲᠡᠢ ᠠᠵᠢᠯᠯᠠᠬᠤ ᠬᠡᠷᠡᠭᠲᠡᠢ ᠶᠤᠮ᠃ ᠣᠳᠣᠬᠠᠨ ᠳᠤ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ

ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ ᠳᠠᠭᠠᠷᠢᠯᠲᠠ ᠶᠢᠨ ᠪᠦᠷᠢᠶ᠎ᠡ ᠬᠠᠩᠭᠢᠨᠠᠵᠤ᠂ ᠡᠯᠡᠰᠦᠷᠬᠡᠭᠵᠢᠯ ᠢ ᠰᠡᠷᠭᠡᠶᠢᠯᠡᠨ

ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ

ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠦᠷ᠎ᠡ ᠠᠰᠢᠭ ᠢ

ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠶᠢ ᠲᠤᠯᠭᠠᠮ ᠱᠠᠭᠠᠷᠳᠠᠵᠤ᠂ ︽ᠤᠷᠠᠨ ᠬᠠᠪᠤᠯᠢᠭ︾ ᠠᠷᠭ᠎ᠠ

ᠵᠠᠮ ᠢᠶᠠᠷ ᠶᠡᠭᠡ ᠦᠢᠯᠡᠰ ᠪᠦᠲᠦᠭᠡᠬᠦ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ

ᠪᠠᠷᠢᠮᠲᠠᠯᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ᠂ ᠰᠢᠨᠵᠢᠯᠡᠬᠦ ᠤᠬᠠᠭᠠᠨᠴᠢ ᠪᠠᠷ ᠵᠠᠰᠠᠬᠤ᠂ ᠵᠦᠢ

ᠵᠣᠬᠢᠰᠲᠠᠢ ᠠᠰᠢᠭᠯᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠪᠣᠭᠤᠮᠲᠠ ᠰᠢᠪᠲᠤᠯᠬᠤ ᠶᠢ ᠦᠷᠭᠦᠯᠵᠢᠯᠡᠨ

ᠥᠷᠨᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠨᠡᠩ ᠤᠯᠠᠨ ︽ᠥᠪᠥᠷ ᠮᠣᠩᠭᠤᠯ ᠤᠨ

ᠤᠶᠤᠨ ᠤᠬᠠᠭᠠᠨ︾ ᠪᠠ ︽ᠥᠪᠥᠷ ᠮᠣᠩᠭᠤᠯ ᠤᠨ ᠬᠦᠴᠦᠨ ᠴᠢᠳᠠᠯ︾ ᠢ ᠨᠡᠮᠡᠷᠢᠯᠡᠬᠦ ᠬᠡᠷᠡᠭᠲᠡᠢ᠃

    ᠬᠠᠪᠤᠷ ᠤᠨ ᠤᠷᠢᠬᠠᠨ ᠰᠠᠯᠬᠢᠨ᠎ᠠ ᠨᠣᠭᠤᠭᠠᠨ ᠠᠮᠢᠵᠢᠷᠠᠯ ᠪᠢᠯᠬᠠᠵᠤ᠂ ᠬᠡᠩᠭᠡᠷᠭᠡ ᠳᠡᠯᠡᠳᠴᠦ ᠲᠠᠭᠢᠨ ᠮᠣᠷᠳᠠᠨ᠎ᠠ᠃

ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠪᠢᠳᠡ ᠰᠢᠨᠵᠢᠯᠡᠬᠦ

ᠤᠬᠠᠭᠠᠨᠴᠢ ᠪᠠᠷ ᠲᠥᠯᠥᠪᠵᠢᠭᠦᠯᠵᠦ᠂ ᠤᠨᠢᠨ ᠳᠡᠭᠡᠷ᠎ᠡ ᠨᠢ ᠵᠠᠰᠠᠵᠤ᠂ ᠪᠦᠭᠦ ᠬᠦᠴᠦᠨ ᠢᠶᠠᠷ ᠢᠶᠠᠨ ᠪᠣᠭᠤᠮᠲᠠ

ᠰᠢᠪᠲᠤᠯᠵᠤ᠂ ᠴᠤᠴᠠᠯᠲᠠ ᠦᠭᠡᠢ ᠴᠢᠷᠮᠠᠶᠢᠨ ᠲᠡᠮᠡᠴᠡᠵᠦ᠂ ᠦᠷᠭᠦᠯᠵᠢᠯᠡᠨ ᠵᠣᠭᠰᠣᠰᠢ ᠦᠭᠡᠢ ᠲᠡᠮᠡᠴᠡᠵᠦ᠂ ᠪᠣᠳᠠᠲᠠᠢ

ᠠᠵᠢᠯᠯᠠᠬᠤ ᠮᠥᠷᠲᠡᠭᠡᠨ ᠠᠷᠭ᠎ᠠ ᠳᠡᠮᠲᠡᠢ ᠠᠵᠢᠯᠯᠠᠳᠠᠭ ᠯᠠ ᠶᠤᠮ ᠪᠣᠯ ᠯᠠᠪᠳᠠᠶ᠎ᠠ ᠡᠯᠡᠰᠦᠷᠬᠡᠭᠵᠢᠯ ᠢ ᠰᠡᠷᠭᠡᠶᠢᠯᠡᠨ

ᠡᠯᠡᠰᠦ ᠶᠢ ᠵᠠᠰᠠᠬᠤ ᠶᠡᠭᠡ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ ᠴᠢᠳᠠᠬᠤ ᠶᠤᠮ᠃

 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号