ᠡᠨᠡ ᠵᠢᠯ ᠮᠠᠨ ᠤ ᠠᠶᠢᠮᠠᠭ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠶᠢᠨ ᠪᠡᠯᠡ ᠮᠥᠩᠭᠦ ᠶᠢ 377 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠬᠤ ᠪᠠᠷ ᠪᠤᠢ
ᠨᠡᠶᠢᠲᠡᠯᠡᠭᠰᠡᠨ ᠴᠠᠭ᠄
2024/6/7

    ᠰᠤᠷᠪᠤᠯᠵᠢᠯᠠᠭᠴᠢ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂

ᠮᠠᠨ ᠤ ᠠᠶᠢᠮᠠᠭ ᠡᠷᠠᠯᠵᠢᠶᠠᠴᠢᠨ ᠤᠷᠢᠵᠤ ᠪᠡᠯᠡ ᠲᠠᠲᠠᠬᠤ ︽ᠲᠡᠷᠢᠭᠦᠨ ᠢᠨᠵᠧᠨᠧᠷᠢᠩ︾ ᠢ ᠨᠠᠷᠢᠯᠢᠭ ᠤᠨᠤᠪᠴᠢᠲᠠᠢ

ᠲᠥᠯᠥᠪᠯᠡᠵᠦ᠂ ᠠᠷᠠᠯᠵᠢᠶᠠᠴᠢᠨ ᠤᠷᠢᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠶᠢ ᠠᠬᠢᠭᠤᠯᠤᠨ᠂ ︽ᠰᠢᠯᠢ ᠶᠢᠨ

ᠭᠤᠣᠯ ᠠᠶᠢᠮᠠᠭ ᠤᠨ 2024 ᠣᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠲᠥᠰᠥᠯ︾ ᠎ ᠢ  

ᠳᠠᠷᠤᠮᠠᠯᠯᠠᠨ ᠲᠠᠷᠬᠠᠭᠠᠵᠤ᠂ ᠲᠣᠨᠣᠭᠯᠠᠯ ᠦᠢᠯᠡᠳᠬᠡᠯ ᠤᠨ ᠠᠵᠤ ᠦᠢᠯᠡᠰ ᠤᠨ  ᠬᠡᠯᠬᠢᠶ᠎ᠡ᠂ ᠨᠥᠭᠡᠴᠡ ᠡᠨᠧᠷᠭᠢ ᠶᠢᠨ

ᠳ᠋ᠢᠶᠠᠨ ᡂᠢ ᠶᠢᠨ ᠠᠵᠤ ᠦᠢᠯᠡᠰ ᠤᠨ ᠬᠡᠯᠬᠢᠶ᠎ᠡ᠂ ᠲᠡᠷᠢᠭᠦᠨ ᠤ ᠰᠢᠨ᠎ᠡ  ᠮᠠᠲ᠋ᠧᠷᠢᠶᠠᠯ ᠎ ᠤᠨ  ᠠᠵᠤ  ᠦᠢᠯᠡᠰ ᠤᠨ

ᠬᠡᠯᠬᠢᠶ᠎ᠡ᠂ ᠹᠯᠣᠷ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠵᠡᠷᠭᠡ

ᠭᠤᠣᠯᠳᠠᠯᠭ᠎ᠠ ᠲᠠᠢ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ

ᠤᠷᠢᠬᠤ ᠴᠢᠭᠯᠡᠯ ᠢ ᠲᠣᠳᠣᠷᠬᠠᠶᠢᠯᠠᠵᠤ᠂ ᠠᠷᠠᠯᠵᠢᠶᠠᠴᠢᠨ ᠤᠷᠢᠬᠤ ᠠᠵᠢᠯ ᠢ ᠠᠬᠢᠭᠤᠯᠪᠠ᠃

    ᠮᠠᠨ ᠤ ᠠᠶᠢᠮᠠᠭ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠤᠯᠤᠰ ᠤᠨ ᠳᠣᠲᠣᠭᠠᠳᠤ ︵ᠣᠷᠣᠨ ᠤ

ᠭᠠᠳᠠᠨᠠᠬᠢ︶᠎ ᠶᠢᠨ ᠪᠡᠯᠡ ᠮᠥᠩᠭᠦ ᠶᠢ 334 ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠬᠤ᠂

15% ᠠᠴᠠ ᠳᠡᠭᠡᠭᠰᠢ ᠨᠡᠮᠡᠭᠳᠡᠭᠦᠯᠬᠦ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ

ᠳᠡᠭᠡᠷ᠎ᠡ᠂ 2024 ᠣᠨ ᠳᠤ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠶᠢᠨ ᠪᠡᠯᠡ ᠮᠥᠩᠭᠦ ᠶᠢ 377

ᠳ᠋ᠦᠩᠰᠢᠭᠤᠷ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠬᠤ᠂ 30%᠎ ᠪᠠᠷ ᠨᠡᠮᠡᠭᠳᠡᠭᠦᠯᠬᠦ ᠨᠠᠩ ᠥᠨᠳᠥᠷ

ᠬᠠᠷᠠᠯᠲᠠ ᠶᠢ ᠰᠤᠳᠤᠯᠤᠨ ᠲᠣᠭᠲᠠᠭᠠᠵᠠᠢ᠃

    ᠡᠯ᠎ᠡ ᠬᠤᠰᠢᠭᠤ ᠰᠢᠶᠠᠨ ᠬᠤᠲᠠ ︵ᠣᠷᠣᠨ︶᠎ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︽ᠨᠠᠷᠢᠯᠢᠭ

ᠤᠨᠤᠪᠴᠢᠲᠠᠢ ᠪᠠᠷ ᠠᠷᠠᠯᠵᠢᠶᠠᠴᠢᠨ ᠤᠷᠢᠬᠤ︾ ᠠᠵᠢᠯ ᠤᠨ ᠰᠡᠳᠬᠢᠮᠵᠢ ᠶᠣᠰᠣᠭᠠᠷ᠂ 2024  ᠣᠨ  ᠤ  

ᠠᠷᠠᠯᠵᠢᠶᠠᠴᠢᠨ ᠤᠷᠢᠬᠤ ᠲᠥᠯᠥᠪᠯᠡᠭᠡ ᠶᠢ ᠲᠣᠭᠲᠠᠭᠠᠪᠠ᠃ ᠡᠮᠬᠢᠯᠡᠨ ᠳᠢᠭᠯᠡᠬᠦ ᠪᠠᠷ ᠳᠠᠮᠵᠢᠭᠠᠳ᠂ ᠡᠯ᠎ᠡ ᠬᠤᠰᠢᠭᠤ

ᠰᠢᠶᠠᠨ ᠬᠤᠲᠠ ︵ᠣᠷᠣᠨ︶᠎ ᠨᠢ ᠠᠷᠠᠯᠵᠢᠶᠠᠴᠢᠨ ᠤᠷᠢᠬᠤ 169 ᠠᠵᠤ ᠠᠬᠤᠶᠢᠯᠠᠯ ᠢ ᠨᠠᠷᠢᠯᠢᠭ ᠤᠨᠤᠪᠴᠢᠲᠠᠢ

ᠵᠣᠯᠭᠠᠭᠤᠯᠬᠤ ᠪᠠᠷ ᠲᠥᠯᠥᠪᠯᠡᠵᠦ᠂ 71 ᠠᠵᠤ ᠦᠢᠯᠡᠰ ᠤᠨ ᠬᠡᠯᠬᠢᠶ᠎ᠡ ᠶᠢᠨ ᠭᠤᠣᠯ ︵ᠳᠠᠭᠠᠭᠤᠯᠤᠭᠴᠢ︶ ᠠᠵᠤ

ᠠᠬᠤᠶᠢᠯᠠᠯ ᠨᠢ ᠠᠷᠠᠯᠵᠢᠶᠠᠴᠢᠨ ᠤᠷᠢᠬᠤ ᠲᠥᠷᠥᠯ ᠵᠦᠢᠯ ᠤᠨ ᠰᠦᠪᠡᠭᠴᠢ ᠬᠠᠷᠠᠯᠲᠠ ᠲᠠᠢ 101 ᠠᠵᠤ ᠠᠬᠤᠶᠢᠯᠠᠯ ᠢ

ᠵᠣᠯᠭᠠᠭᠤᠯᠬᠤ ᠪᠠᠷ ᠲᠥᠯᠥᠪᠯᠡᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠡᠯ᠂ ᠨᠥᠭᠡᠴᠡ ᠡᠨᠧᠷᠭᠢ ᠶᠢᠨ

ᠲᠣᠨᠣᠭᠯᠠᠯ ᠦᠢᠯᠡᠳᠬᠡᠯ᠂ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠥᠩᠭᠡᠲᠦ ᠲᠡᠮᠦᠷᠯᠢᠭ᠂

ᠹᠯᠣᠷ ᠬᠢᠮᠢ ᠶᠢᠨ ᠠᠵᠤ ᠦᠢᠯᠡᠳᠪᠦᠷᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂

ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ

ᠠᠷᠠᠯᠵᠢᠶᠠᠴᠢᠨ ᠤᠷᠢᠬᠤ ᠭᠤᠣᠯᠳᠠᠯᠭ᠎ᠠ ᠲᠠᠢ ᠬᠦᠷᠢᠶ᠎ᠡ ᠶᠢ ᠦᠨᠳᠦᠰᠦᠨ ᠳᠡᠭᠡᠨ ᠬᠠᠮᠤᠷᠴᠤ᠂  ᠡᠯ᠎ᠡ  ᠭᠠᠵᠠᠷ ᠎ ᠤᠨ  

ᠭᠤᠣᠯ  ᠤᠳᠤᠷᠢᠳᠤᠯᠭ᠎ᠠ  ᠪᠦᠯᠬᠦᠮ  ᠳᠠᠭᠠᠭᠤᠯᠤᠨ   ᠭᠠᠳᠠᠭᠰᠢ  ᠭᠠᠷᠴᠤ  ᠠᠷᠠᠯᠵᠢᠶᠠᠴᠢᠨ  ᠤᠷᠢᠬᠤ  

ᠡᠵᠢᠯᠯᠠᠭ᠎ᠠ ᠶᠢ 21 ᠤᠳᠠᠭ᠎ᠠ ᠥᠷᠨᠢᠭᠦᠯᠵᠦ᠂ 110 ᠤᠳᠠᠭ᠎ᠠ  ᠠᠵᠤ  ᠠᠬᠤᠶᠢᠯᠠᠯ  ᠢ  ᠤᠷᠢᠵᠤ ᠶᠠᠷᠢᠯᠴᠠᠬᠤ ᠪᠤᠶᠤ

ᠰᠢᠨᠵᠢᠯᠡᠨ ᠪᠠᠶᠢᠴᠠᠭᠠᠵᠤ᠂ 24 ᠵᠥᠪᠳᠡᠯᠴᠡᠭᠡᠷ ᠲᠣᠭᠲᠠᠨ᠂ ᠵᠥᠪᠳᠡᠯᠴᠡᠭᠡᠷ ᠤᠨ ᠮᠥᠩᠭᠦ 459 ᠳ᠋ᠦᠩᠰᠢᠭᠤᠷ

ᠲᠥᠭᠦᠷᠢᠭ ᠲᠤ ᠬᠦᠷᠬᠦ ᠪᠣᠯᠣᠨ᠎ᠠ᠃

 
ᠢᠷᠡᠯᠲᠡ᠄ ᠰᠢᠯᠢ ᠶᠢᠨ ᠭᠤᠣᠯ ᠤᠨ ᠮᠣᠩᠭᠤᠯ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号