ᠦᠢᠯᠡᠰ ᠢᠶᠠᠨ ᠳᠡᠭᠡᠳᠦᠯᠡᠭᠰᠡᠨ ᠵᠠᠯᠠᠭᠤ ᠬᠤᠣᠰ ᠤᠨ ᠵᠢᠷᠭᠠᠯᠲᠤ ᠠᠮᠢᠳᠤᠷᠠᠯ
ᠨᠡᠶᠢᠲᠡᠯᠡᠭᠰᠡᠨ ᠴᠠᠭ᠄
2024/6/7
    ᠬᠤᠪᠤᠷᠴᠡᠴᠡᠭ ᠪᠣᠯ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤᠨ ᠤ ᠴᠢᠯᠠᠭᠤᠲᠤ ᠭᠠᠴᠠᠭᠠᠨ ᠤ ᠵᠢᠷ ᠤᠨ ᠨᠢᠭᠡᠨ ᠮᠠᠯᠴᠢᠨ ᠪᠦᠰᠡᠭᠦᠢ ᠶᠤᠮ᠃ ᠲᠡᠷᠡᠪᠡᠷ ᠨᠥᠬᠦᠷ ᠲᠠᠢ ᠪᠠᠨ ᠬᠤᠶᠠᠭᠤᠯᠠ ᠶᠡᠭᠡ ᠰᠤᠷᠭᠠᠭᠤᠯᠢ ᠪᠠᠨ ᠲᠡᠭᠦᠰᠬᠡᠭᠡᠳ ᠬᠤᠰᠢᠭᠤᠨ ᠲᠥᠪ ᠪᠠᠯᠭᠠᠷᠭᠤᠣᠯ ᠪᠠᠯᠭᠠᠰᠤᠨ ᠳᠤ ᠬᠡᠳᠦᠨ ᠵᠢᠯ ᠪᠣᠷᠳᠣᠭᠠᠨ ᠤ ᠳᠡᠯᠭᠡᠭᠦᠷ ᠡᠷᠬᠢᠯᠡᠵᠦ ᠪᠠᠶᠢᠭᠰᠠᠨ ᠢᠶᠠᠨ ᠲᠤᠭᠤᠷᠭ᠎ᠠ ᠲᠤᠰᠠᠭᠠᠷᠯᠠᠨ ᠠᠶᠢᠯ ᠡᠷᠦᠬᠡ ᠪᠣᠯᠵᠤ᠂ ᠬᠥᠳᠡᠭᠡ ᠨᠤᠲᠤᠭ ᠲᠠᠭᠠᠨ ᠰᠢᠨ᠎ᠡ ᠮᠠᠯᠴᠢᠨ ᠤ ᠡᠩᠨᠡᠭᠡᠨ ᠳᠤ ᠭᠢᠯᠠᠷᠠᠭᠤᠯᠵᠤ ᠶᠠᠪᠤᠭ᠎ᠠ ᠨᠢ ᠡᠨᠡ ᠪᠢᠯᠡ᠃

    ᠰᠢᠨ᠎ᠡ ᠴᠠᠭ ᠦᠶ᠎ᠡ ᠶᠢᠨ ᠵᠠᠯᠠᠭᠤ ᠮᠠᠯᠴᠢᠨ ᠪᠣᠯᠤᠭᠰᠠᠨ ᠤ ᠬᠤᠪᠢ ᠳᠤ ᠬᠤᠪᠤᠷᠴᠡᠴᠡᠭ ᠨᠥᠬᠦᠷ ᠲᠠᠢ ᠪᠠᠨ

ᠬᠤᠶᠠᠭᠤᠯᠠ ᠠᠮᠢᠳᠤᠷᠠᠯ ᠳᠠᠭᠠᠨ ᠦᠷᠭᠦᠯᠵᠢ ᠰᠢᠨ᠎ᠡ ᠶᠢ ᠰᠡᠳᠬᠢᠨ ᠰᠢᠭᠤᠷᠬᠠᠶᠢᠯᠠᠨ ᠠᠵᠢᠯᠯᠠᠵᠤ᠂ ᠮᠠᠯ ᠤᠨᠤᠭ᠎ᠠ ᠪᠠᠨ  

ᠣᠳᠣᠬᠢᠴᠢᠯᠠᠭᠰᠠᠨ ᠠᠷᠭ᠎ᠠ ᠮᠠᠶ᠋ᠢᠭ ᠢᠶᠠᠷ ᠮᠠᠯᠵᠢᠬᠤ ᠶᠢᠨ ᠳᠠᠭᠠᠤ ᠠᠵᠢᠯ ᠤᠨ ᠰᠡᠯᠡᠭᠦᠦ ᠴᠠᠭ ᠢᠶᠠᠷ ᠶᠠᠭᠤ ᠨᠢᠭᠡ ᠶᠢ

ᠬᠢᠵᠦ᠂ ᠠᠮᠢᠳᠤᠷᠠᠯ ᠳᠠᠭᠠᠨ ᠲᠤᠰᠠ ᠲᠡᠮ ᠦᠵᠡᠬᠦᠯᠬᠦ ᠶᠢ ᠵᠥᠪᠳᠡᠨ ᠡᠷᠢᠯᠬᠢᠯᠡᠳᠡᠭ ᠤᠨ ᠤᠴᠢᠷ᠂ ᠴᠠᠭ ᠦᠶ᠎ᠡ ᠶᠢᠨ

ᠤᠷᠤᠰᠬᠠᠯ ᠳᠤ ᠵᠣᠬᠢᠴᠠᠭᠰᠠᠨ ᠵᠠᠯᠠᠭᠤ ᠡᠮᠡᠭᠲᠡᠶᠢᠴᠦᠳ ᠤᠨ ᠵᠠᠰᠠᠯ ᠵᠡᠮᠰᠡᠭ ᠤᠨ ᠵᠦᠢᠯᠡᠰ ᠵᠠᠬ᠎ᠠ  ᠳᠡᠯᠭᠡᠭᠦᠷ ᠲᠤ  

ᠬᠦᠷᠢᠶᠡᠯᠡᠯ ᠲᠠᠢ  ᠪᠠᠶᠢᠭ᠎ᠠ ᠠᠰᠢᠭᠲᠠᠢ ᠲᠤᠬᠢᠶᠠᠯ ᠢ ᠠᠮᠵᠢᠭᠤᠯᠤᠨ᠂ ᠨᠠᠶᠢᠵᠠ ᠶᠢᠨ ᠲᠣᠭᠤᠷᠢᠭ᠂ ᠲᠢᠺ ᠲᠤᠺ᠂ ᠬᠤᠯᠪᠤᠭ᠎ᠠ

ᠰᠦᠯᠵᠢᠶ᠎ᠡ ᠶᠢ ᠴᠢᠳᠠᠪᠤᠷᠢᠯᠠᠭ ᠠᠰᠢᠭᠯᠠᠵᠤ᠂ ᠥᠪᠡᠷᠲᠡᠭᠡᠨ ᠵᠢᠷᠤᠵᠤ ᠲᠥᠰᠥᠪᠯᠡᠨ᠂ ᠨᠠᠷᠢᠯᠢᠭ ᠬᠢᠴᠡ ᠲᠠᠢ᠂ ᠦᠨ᠎ᠡ

ᠬᠠᠩᠰᠢ ᠲᠣᠬᠢᠷᠠᠮᠵᠢᠲᠠᠢ ᠤᠯᠠᠨ ᠲᠦᠷᠦᠯ ᠤᠨ ᠲᠣᠯᠣᠭᠠᠢ ᠶᠢᠨ ᠵᠠᠰᠠᠯ᠂ ᠡᠭᠡᠮᠦᠭ᠂ ᠪᠦᠬᠡᠵᠢ ᠵᠡᠷᠭᠡ ᠶᠢ ᠤᠷᠠᠯᠠᠵᠤ

ᠪᠦᠲᠦᠭᠡᠭᠳᠡᠬᠦᠨ ᠪᠤᠯᠭᠠᠵᠤ   ᠪᠣᠷᠣᠯᠠᠭᠤᠯᠤᠭᠠᠳ ᠬᠡᠷᠡᠭᠯᠡᠭᠴᠢᠳ ᠤᠨ  ᠬᠦᠷᠢᠶᠡᠯᠡᠯ ᠢ ᠣᠯᠵᠤ᠂ ᠮᠠᠯᠵᠢᠯ ᠤᠨ ᠪᠤᠰᠤ

ᠤᠷᠤᠯᠭ᠎ᠠ ᠡᠭᠦᠳᠴᠦ᠂ ᠠᠵᠤ ᠠᠮᠢᠳᠤᠷᠠᠯ ᠢᠶᠠᠨ ᠥᠭᠡᠳᠡ ᠨᠢ ᠲᠠᠲᠠᠵᠤ ᠶᠠᠪᠤᠨ᠎ᠠ᠃

   ︽ᠰᠠᠨᠠᠵᠤ ᠶᠠᠪᠤᠪᠠᠯ ᠪᠦᠳᠦᠨ᠎ᠡ᠂ ᠰᠠᠵᠢᠯᠠᠵᠤ ᠶᠠᠪᠤᠪᠠᠯ ᠬᠦᠷᠦᠨ᠎ᠡ︾ ᠭᠡᠳᠡᠭᠴᠢᠯᠡᠨ᠂  ᠬᠤᠪᠤᠷᠴᠡᠴᠡᠭ  ᠨᠠᠰᠤᠨ ᠤ

ᠵᠠᠯᠠᠭᠤ ᠶᠢ ᠠᠮᠵᠢᠨ᠂ ᠡᠷᠲᠡᠯᠡᠵᠦ ᠣᠷᠣᠶᠢᠯᠠᠨ ᠰᠢᠷᠭᠠᠭᠠᠤ ᠬᠥᠳᠡᠯᠮᠦᠷᠢᠯᠡᠵᠦ᠂ ᠠᠮᠢᠳᠤᠷᠠᠯ ᠦᠢᠯᠡᠰ ᠢᠶᠠᠨ ᠥᠭᠡᠳᠡ ᠨᠢ

ᠲᠠᠲᠠᠵᠤ᠂ ᠠᠵᠠ ᠵᠢᠷᠭᠠᠯᠲᠤ ᠠᠮᠢᠳᠤᠷᠠᠯ ᠢᠶᠠᠨ ᠴᠣᠭᠴᠠᠯᠠᠨ᠂ ᠦᠶ᠎ᠡ ᠶᠢᠨ ᠤᠯᠠᠨ ᠵᠠᠯᠠᠭᠤᠴᠤᠳ ᠲᠠᠭᠠᠨ ᠳᠠᠭᠤᠷᠢᠶᠠᠯ

ᠪᠣᠯᠵᠤ ᠭᠢᠯᠠᠷᠠᠭᠤᠯᠤᠨ᠎ᠠ᠃

 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号