ᠦᠨᠳᠦᠰᠦᠲᠡᠨ ᠤ ᠬᠤᠪᠴᠠᠰᠤ ᠵᠠᠰᠠᠯ ᠣᠶᠣᠬᠤ ᠪᠠᠷ ᠨᠠᠰᠤᠠ ᠤ ᠦᠢᠯᠡᠰ ᠢᠶᠠᠨ ᠪᠤᠯᠭᠠᠠᠠᠰᠠᠠ ᠣᠶᠤᠨᠴᠢᠮᠡᠭ ᠨᠠᠰᠤᠲᠠᠨ
ᠨᠡᠶᠢᠲᠡᠯᠡᠭᠰᠡᠨ ᠴᠠᠭ᠄
2024/6/7
    ᠡᠨᠡ ᠵᠢᠯ 72 ᠨᠠᠰᠤᠲᠠᠢ ᠣᠶᠤᠨᠴᠢᠮᠡᠭ ᠪᠣᠯ ᠰᠢᠯᠢ ᠶᠢᠨ ᠭᠤᠣᠯ ᠠᠶᠢᠮᠠᠭ ᠲᠡᠰ ᠤᠨ ᠪᠣᠳᠠᠰ ᠤᠨ ᠪᠤᠰᠤ ᠰᠣᠶᠣᠯ ᠤᠨ ᠥᠪ ᠲᠥᠷᠥᠯ ᠵᠦᠢᠯ ᠤᠨ ᠴᠠᠬᠠᠷ ᠬᠤᠪᠴᠠᠰᠤ ᠵᠠᠰᠠᠯ ᠤᠨ ᠲᠥᠯᠥᠭᠡᠯᠡᠭᠴᠢ᠂ ᠥᠪᠯᠡᠨ ᠤᠯᠠᠮᠵᠢᠯᠠᠭᠴᠢ ᠪᠣᠯᠣᠨ᠎ᠠ᠃

    ᠬᠥᠪᠡᠭᠡᠲᠦ ᠰᠢᠷ᠎ᠠ ᠬᠤᠰᠢᠭᠤᠨ ᠤ ᠵᠠᠩ ᠦᠢᠯᠡ ᠰᠣᠶᠣᠯ ᠤᠨ ᠵᠡᠭᠡᠯᠢ ᠶᠢᠨ ︽ᠤᠶᠤᠠ ᠲᠡᠷᠯᠢᠭ ᠤᠨ

ᠣᠶᠣᠳᠠᠯ ᠤᠨ ᠭᠠᠵᠠᠷ︾ ᠪᠣᠯ ᠳᠠᠷᠤᠢ ᠣᠶᠤᠨᠴᠢᠮᠡᠭ ᠨᠠᠰᠤᠲᠠᠨ ᠤ ᠳᠥᠴᠢᠭᠡᠳ ᠵᠢᠯ ᠤᠨ ᠬᠢᠨᠢ ᠬᠥᠯᠥᠰᠦ ᠬᠦᠴᠦ  

ᠪᠣᠯᠣᠨ᠎ᠠ᠃ ᠲᠡᠷᠡ ᠬᠡᠳᠦᠶᠢᠪᠡᠷ ᠲᠠᠯᠠ ᠶᠢᠨ ᠳᠠᠪᠠᠭ᠎ᠠ ᠶᠢ ᠳᠠᠪᠠᠭᠰᠠᠨ ᠪᠤᠯᠪᠠᠴᠥ᠂ ᠦᠨᠳᠦᠰᠦᠲᠡᠨ ᠤ ᠬᠤᠪᠴᠠᠰᠤ

ᠵᠠᠰᠠᠯ ᠢᠶᠠᠨ ᠣᠶᠣᠵᠤ ᠤᠷᠠᠯᠠᠬᠤ ᠶᠢ ᠪᠠᠷᠢᠮᠲᠠᠯᠠᠵᠤ᠂ ᠦᠨᠳᠦᠰᠦᠲᠡᠨ ᠤ ᠥᠪ  ᠰᠣᠶᠣᠯ ᠢᠶᠠᠨ ᠤᠯᠠᠮᠵᠢᠯᠠᠨ

ᠵᠠᠯᠭᠠᠮᠵᠢᠯᠠᠭᠰᠠᠭᠠᠷ ᠢᠷᠡᠵᠠᠢ᠃

    ᠣᠶᠤᠨᠴᠢᠮᠡᠭ ᠪᠣᠯ ᠬᠥᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠣᠯ ᠰᠤᠮᠤᠨ ᠤ ᠡᠬᠢᠨ ᠤᠰᠤ

ᠭᠠᠴᠠᠭᠠᠨ ᠤ ᠮᠠᠯᠴᠢᠨ ᠪᠣᠯᠣᠨ᠎ᠠ᠃ ᠲᠡᠷᠡ 20 ᠵᠢᠯ ᠤᠨ ᠡᠮᠦᠨ᠎ᠡ᠂ ᠡᠵᠢ ᠠᠴᠠ ᠪᠠᠨ ᠰᠤᠷᠤᠠᠠᠰᠠᠠ ᠣᠶᠣᠳᠠᠯ ᠤᠨ ᠤᠷ᠎ᠠ

ᠠᠪᠢᠶᠠᠰ ᠢᠶᠠᠷ ᠢᠶᠠᠨ ᠪᠣᠭᠳᠠ ᠶᠢᠨ ᠭᠤᠣᠯ ᠰᠤᠮᠤᠨ ᠲᠥᠪ ᠲᠤ ᠬᠤᠪᠴᠠᠰᠤ ᠣᠶᠣᠬᠤ ᠭᠠᠵᠠᠷ ᠭᠠᠷᠭᠠᠨ

ᠤᠷᠤᠯᠭ᠎ᠠ ᠪᠠᠨ ᠨᠡᠮᠡᠭᠳᠡᠭᠦᠯᠳᠡᠭ ᠪᠠᠶᠢᠨ᠎ᠠ᠃ 2006 ᠣᠨ ᠳᠤ ᠬᠤᠲᠠ ᠣᠷᠣᠵᠤ ᠦᠢᠯᠡᠰ ᠪᠣᠰᠬᠠᠨ ᠰᠢᠨᠡᠪᠤᠯᠠᠭ

ᠪᠠᠯᠭᠠᠰᠤᠨ ᠳᠤ ᠦᠨᠳᠦᠰᠦᠲᠡᠨ ᠤ ᠬᠤᠪᠴᠠᠰᠤ ᠵᠠᠰᠠᠯ ᠤᠨ ᠳᠡᠯᠭᠡᠭᠦᠷ ᠡᠷᠬᠢᠯᠡᠭᠰᠡᠨ ᠠᠴᠠ ᠨᠠᠭᠠᠰᠢ᠂ ᠣᠶᠤᠨᠴᠢᠮᠡᠭ

ᠤᠷᠢᠳ ᠬᠤᠵᠢᠳ ᠠᠷᠪᠠᠨ ᠬᠡᠳᠦᠨ ᠱᠠᠪᠢ ᠬᠥᠮᠥᠵᠢᠭᠦᠯᠵᠦ᠂ ᠲᠡᠳᠡᠨ ᠳᠤ ᠴᠠᠬᠠᠷ ᠬᠤᠪᠴᠠᠰᠤ ᠵᠠᠰᠠᠯ᠂ ᠵᠡᠭᠦᠦ

ᠣᠷᠢᠶᠠᠬᠤ᠂ ᠡᠰᠬᠡᠯᠲᠡ᠂ ᠲᠣᠯᠣᠭᠠᠢ ᠶᠢᠨ ᠵᠠᠰᠠᠯ ᠵᠡᠷᠭᠡ ᠠᠯᠢ ᠣᠯᠠᠨ ᠤᠯᠠᠮᠵᠢᠯᠠᠯᠲᠤ ᠤᠷ᠎ᠠ ᠮᠡᠷᠭᠡᠵᠢᠯ ᠢ ᠵᠢᠭᠠᠵᠠᠢ᠃

︽ᠪᠢ ᠠᠷᠪᠠᠨ ᠳᠣᠯᠣᠭᠠᠨ ᠨᠠᠰᠤᠲᠠᠢ ᠠᠴᠠ ᠪᠠᠨ ᠣᠶᠣᠳᠠᠯ ᠬᠢᠭᠰᠡᠨ︔ ᠤᠭ ᠠᠴᠠ ᠪᠠᠨ ᠳᠤᠷ᠎ᠠ ᠪᠠᠭ᠋ᠠᠲᠠᠢ︔

ᠣᠶᠣᠳᠠᠯ ᠤᠨ ᠮᠡᠷᠭᠡᠵᠢᠯ ᠢᠶᠠᠨ ᠵᠠᠯᠠᠭᠤᠴᠤᠳ ᠎ ᠳᠠᠭᠠᠨ ᠢᠯᠡᠭᠦᠦ  ᠵᠢᠭᠠᠵᠤ ᠤᠯᠠᠮᠵᠢᠯᠠᠶ᠎ᠠ ᠭᠡᠵᠦ ᠪᠤᠳᠤᠵᠤ ᠪᠠᠶᠢᠨ᠎ᠠ︾

ᠭᠡᠵᠦ ᠣᠶᠤᠨᠴᠢᠮᠡᠭ ᠶᠠᠷᠢᠯ᠎ᠠ᠃

    ᠦᠨᠳᠦᠰᠦᠲᠡᠨ ᠤ ᠬᠤᠪᠴᠠᠰᠤ ᠵᠠᠰᠠᠯ ᠨᠢ ᠦᠢ ᠤᠯᠠᠨ ᠣᠶᠣᠳᠠᠯᠴᠢᠳ ᠤᠨ ᠪᠠᠷᠢᠮᠲᠠᠯᠠᠯ ᠪᠠ ᠳᠤᠷ᠎ᠠ

ᠪᠠᠬ᠎ᠠ ᠶᠢᠨ ᠦᠷ᠎ᠡ ᠪᠦᠲᠦᠭᠡᠯ ᠪᠠᠶᠢᠵᠤ᠂ ᠤᠮᠠᠷᠠᠲᠤ ᠬᠢᠯᠢ ᠶᠢᠨ ᠰᠣᠶᠣᠯ ᠤᠨ ᠴᠢᠬᠤᠯᠠ ᠨᠢᠭᠡ ᠠᠭᠤᠯᠭ᠎ᠠ ᠪᠣᠯᠤᠭᠰᠠᠨ

ᠪᠠᠶᠢᠨ᠎ᠠ᠃

 
ᠢᠷᠡᠯᠲᠡ᠄ ᠬᠥᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号