ᠤᠷᠢᠬᠠᠨ ᠬᠠᠪᠤᠷ ᠤᠨ ᠡᠭᠡᠯᠢᠲᠦ ᠨᠠᠷᠠᠨ ᠤ ᠲᠤᠶᠠᠭᠠᠨ ᠳᠤ ᠰᠢᠯᠢ ᠶᠢᠨ ᠭᠤᠣᠯ ᠤᠨ ᠲᠠᠯ᠎ᠠ ᠨᠤᠲᠤᠭ ᠲᠤ ᠠᠮᠢᠯᠠᠯ | ᠪᠠᠳᠠᠷᠠᠯ ᠤᠨ ᠥᠩᠭᠡ ᠪᠢᠯᠬᠠᠨ᠎ᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠪᠠᠭ᠎ᠠ | ᠬᠤᠰᠢᠭᠤᠨ ᠤ ᠬᠤᠩᠭᠤᠷᠭᠤᠣᠯ ᠪᠠᠯᠭᠠᠰᠤᠨ ᠤ ᠰᠠᠷᠠᠭᠤᠯᠲᠤᠶᠠᠭ᠎ᠠ ᠭᠠᠴᠠᠭᠠᠨ ᠤ ᠤᠤᠯ ᠤᠨ ᠨᠠᠮ ᠤᠨ ᠡᠭᠦᠷ ᠤᠨ | ᠱᠦᠵᠢ ᠲᠢᠩ · ᠪᠠᠭᠠᠲᠤᠷ ᠲᠤᠰᠢᠶᠠᠯ ᠬᠠᠷᠢᠭᠤᠴᠠᠯᠭ᠎ᠠ ᠪᠠᠨ ᠠᠮᠵᠢᠯᠲᠠ ᠲᠠᠢ ᠪᠡᠶᠡᠯᠡᠭᠦᠯᠵᠦ᠂ ᠨᠤᠲᠤᠭ ᠲᠠᠭᠠᠨ ᠪᠤᠴᠠᠵᠤ | ᠢᠷᠡᠮᠡᠭᠴᠡ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠮᠠᠯᠴᠢᠨ ᠲᠦᠮᠡᠨ ᠳᠡᠭᠡᠨ ᠰᠠᠶᠢᠲᠤᠷ ᠤᠬᠠᠭᠤᠯᠤᠯ᠎ᠠ᠃ | ︽ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ᠮᠥᠨᠴᠦ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ | ᠵᠢᠯ ᠪᠣᠯᠣᠨ᠎ᠠ᠂ ᠪᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠠᠢ᠂ ᠮᠢᠨᠤ | ᠬᠤᠪᠢ ᠳᠤ ᠶᠡᠭᠡ ᠵᠣᠷᠢᠭᠵᠢᠨ᠂ ᠪᠠᠶᠠᠯᠢᠭ ᠣᠯᠣᠯᠲᠠ ᠲᠠᠢ ᠪᠤᠴᠠᠵᠤ ᠢᠷᠡᠯ᠎ᠠ︾ ᠭᠡᠵᠦ ᠲᠢᠩ · ᠪᠠᠭᠠᠲᠤᠷ ᠶᠠᠷᠢᠨ᠎ᠠ᠃ | ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠲᠢᠩ · ᠪᠠᠭᠠᠲᠤᠷ ᠲᠠᠯ᠎ᠠ ᠨᠤᠲᠤᠭ ᠲᠤ ᠦᠨᠳᠦᠰᠦᠯᠡᠭᠰᠡᠨ ᠣᠯᠠᠨ | ᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠦᠬᠦᠮ | ᠣᠶᠢᠯᠠᠭᠠᠮᠵᠢᠲᠠᠢ ᠪᠠᠷ ᠮᠠᠯᠴᠢᠨ ᠲᠦᠮᠡᠨ ᠳᠡᠭᠡᠨ ᠤᠯᠠᠮᠵᠢᠯᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ | ᠂ ︽ᠠᠮᠢ ᠠᠬᠤᠢ ᠶᠢ ᠬᠠᠮᠠᠭᠠᠯᠠᠬᠤ︾᠂ ︽ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ︾ ᠵᠡᠷᠭᠡ ᠪᠣᠯ ᠲᠡᠭᠦᠨ ᠤ | ᠤᠬᠠᠭᠤᠯᠤᠨ ᠲᠠᠶᠢᠯᠪᠤᠷᠢᠯᠠᠯᠲᠠ ᠳᠤᠮᠳᠠ ᠬᠠᠮᠤᠭ ᠤᠨ ᠤᠯᠠᠨ ᠶᠠᠷᠢᠭᠳᠠᠭᠰᠠᠨ ᠵᠦᠢᠯ ᠪᠣᠯᠣᠨ᠎ᠠ᠃ | ︽ᠠᠬᠠᠮᠠᠳ ᠱᠦᠵᠢ ᠪᠡᠶ᠎ᠡ ᠪᠠᠷ ᠢᠶᠠᠨ ᠪᠡᠭᠡᠵᠢᠩ ᠳᠤ ᠬᠦᠷᠴᠦ ᠮᠠᠯᠴᠢᠨ ᠲᠦᠮᠡᠨ ᠤ ᠰᠡᠳᠬᠢᠯ ᠤᠨ ᠲᠠᠭᠤᠨ ᠢ | ᠬᠤᠶᠠᠷ ᠬᠤᠷᠠᠯ ᠳᠤ ᠳᠠᠮᠵᠢᠭᠤᠯᠵᠤ᠂ ᠪᠡᠭᠡᠵᠢᠩ ᠠᠴᠠ ᠪᠠᠰᠠ ᠰᠠᠶᠢᠬᠠᠨ ᠴᠢᠮᠡᠭᠡ ᠡᠪᠴᠢᠷᠠᠯᠠ᠂ ᠬᠥᠮᠥᠨ ᠪᠠᠶᠢᠭᠠᠯᠢ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ᠂ ᠣᠳᠣᠬᠢᠴᠢᠯᠠᠭᠰᠠᠨ ᠮᠠᠯ | ᠠᠵᠤ ᠠᠬᠤᠢ ᠶᠢᠨ ᠲᠤᠬᠠᠢ ᠣᠶᠢᠯᠠᠭᠠᠭᠳᠠᠬᠤᠨ ᠨᠢ ᠠᠯᠢ ᠡᠷᠲᠡ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ | ᠮᠠᠨ ᠤ ᠣᠷᠣᠰᠢᠨ ᠠᠮᠢᠳᠤᠷᠠᠵᠤ ᠪᠠᠶᠢᠭ᠎ᠠ ᠨᠤᠲᠤᠭ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠂ ᠪᠢ | ᠬᠤᠶᠢᠰᠢᠳᠠ ᠶᠢᠨ ᠠᠮᠢᠳᠤᠷᠠᠯ ᠳᠠᠭᠠᠨ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ︾ ᠭᠡᠵᠦ ᠲᠢᠩ · ᠪᠠᠭᠠᠲᠤᠷ ᠤᠨ | ᠤᠬᠠᠭᠤᠯᠤᠨ ᠲᠠᠶᠢᠯᠪᠤᠷᠢᠯᠠᠯᠲᠠ ᠶᠢ ᠰᠣᠨᠣᠰᠤᠭᠰᠠᠨ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ | ᠰᠠᠷᠠᠭᠤᠯᠲᠤᠶᠠᠭ᠎ᠠ ᠭᠠᠴᠠᠭᠠᠨ ᠤ ᠮᠠᠯᠴᠢᠨ ᠶᠦᠨ ᠯᠢᠶᠠᠩ ᠰᠡᠳᠬᠢᠯ ᠳᠣᠭᠳᠣᠯᠤᠨ ᠶᠠᠷᠢᠨ᠎ᠠ᠃ | ︽ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠲᠢᠩ · ᠪᠠᠭᠠᠲᠤᠷ ᠤᠨ ᠤᠬᠠᠭᠤᠯᠤᠨ | ᠲᠠᠶᠢᠯᠪᠤᠷᠢᠯᠠᠯᠲᠠ ᠶᠢ ᠰᠣᠨᠣᠰᠤᠭᠠᠳ ᠭᠠᠴᠠᠭᠠᠨ ᠤ ᠪᠠᠨ ᠢᠷᠡᠭᠡᠳᠦᠢ ᠳᠤ ᠤᠯᠠᠮ ᠢᠲᠡᠭᠡᠯ ᠲᠡᠭᠦᠯᠳᠡᠷ ᠪᠣᠯᠵᠠᠢ᠂ | ᠡᠭᠦᠨ ᠠᠴᠠ ᠬᠤᠶᠢᠰᠢᠳᠠ ᠪᠢᠳᠡ ᠮᠢᠬᠠᠨ ᠤ ᠦᠬᠡᠷ ᠤᠨ ᠠᠵᠤ ᠦᠢᠯᠡᠰ ᠢ ᠬᠥᠭᠵᠢᠭᠦᠯᠬᠦ ᠵᠠᠮ ᠢᠶᠠᠷ ᠵᠣᠷᠢᠭᠲᠠᠢ | ᠵᠠᠮᠨᠠᠵᠤ᠂ ᠮᠠᠯᠴᠢᠳ ᠤᠨ ᠢᠶᠠᠨ ᠠᠮᠢᠳᠤᠷᠠᠯ ᠢ ᠴᠢᠨᠡᠭᠡᠯᠢᠭᠵᠢᠭᠦᠯᠬᠦ ᠪᠠᠷ ᠴᠢᠷᠮᠠᠶᠢᠬᠤ ᠶᠢᠨ ᠬᠠᠮᠲᠤ ᠨᠤᠲᠤᠭ | ᠤᠰᠦᠨ ᠤ ᠪᠠᠨ ᠠᠮᠢ ᠠᠬᠤᠢ ᠶᠢ ᠰᠠᠶᠢᠲᠤᠷ ᠬᠠᠮᠠᠭᠠᠯᠠᠨ᠂ ᠨᠤᠲᠤᠭ ᠤᠰᠤ ᠪᠠᠨ ᠤᠯᠠᠮ ᠦᠵᠡᠰᠬᠦᠯᠡᠩᠲᠦ ᠰᠠᠶᠢᠬᠠᠨ | ᠪᠣᠯᠭᠠᠨ ᠪᠦᠲᠦᠭᠡᠨ ᠪᠠᠶᠢᠭᠤᠯᠤᠨ᠎ᠠ︾ ᠭᠡᠵᠦ ᠳᠤᠰ ᠭᠠᠴᠠᠭᠠᠨ ᠤ ᠨᠠᠮ ᠤᠨ ᠡᠭᠦᠷ ᠤᠨ ᠱᠦᠵᠢ᠂ ᠠᠷᠠᠳ ᠤᠨ | ᠵᠥᠪᠯᠡᠯ ᠤᠨ ᠡᠷᠬᠢᠯᠡᠭᠴᠢ ᠲᠡᠮᠦᠷᠬᠦᠦ ᠢᠯᠡᠷᠬᠡᠶᠢᠯᠡᠯ᠎ᠡ᠃ ᠣᠶᠢᠷ᠎ᠠ ᠶᠢᠨ ᠵᠢᠯ ᠠᠴᠠ᠂ ᠳᠤᠰ ᠭᠠᠴᠠᠭ᠎ᠠ ᠨᠢ ᠮᠢᠬᠠᠨ ᠤ | ᠦᠬᠡᠷ ᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠠᠴᠠ ᠡᠬᠢᠯᠡᠭᠡᠳ ᠮᠢᠬ᠎ᠠ ᠰᠦ ᠶᠢ ᠡᠳ᠋ᠰᠢᠭᠦᠯᠬᠦ ᠠᠵᠤ | ᠦᠢᠯᠡᠰ ᠢ ᠬᠥᠭᠵᠢᠭᠦᠯᠬᠦ ᠲᠡᠷᠡᠴᠢᠯᠡᠨ ᠣᠳᠣᠬᠢᠴᠢᠯᠠᠭᠰᠠᠨ ᠰᠢᠨ᠎ᠡ ᠮᠠᠯᠵᠢᠬᠤ ᠣᠷᠣᠨ ᠢ ᠪᠦᠲᠦᠭᠡᠨ ᠪᠠᠶᠢᠭᠤᠯᠬᠤ | ᠬᠦᠷᠳᠡᠯ᠎ᠠ ᠭᠠᠴᠠᠭᠠᠨ ᠤ ᠪᠠᠨ ᠮᠠᠯᠴᠢᠳ ᠢ ᠲᠠᠶᠢᠴᠢᠯᠠᠨ ᠠᠮᠢ ᠠᠬᠤᠢ ᠪᠠᠨ ᠬᠠᠮᠠᠭᠠᠯᠠᠬᠤ ᠪᠠ ᠪᠠᠶᠠᠵᠢᠨ ᠴᠢᠨᠡᠭᠡᠯᠢᠭᠵᠢᠬᠦ | ᠬᠤᠣᠰ ᠦᠷ᠎ᠡ ᠠᠰᠢᠭ ᠬᠦᠷᠲᠡᠬᠦ ᠵᠠᠮ ᠢᠶᠠᠷ ᠵᠣᠷᠢᠭᠲᠠᠢ ᠵᠠᠮᠨᠠᠭᠰᠠᠨ ᠪᠠᠶᠢᠨ᠎ᠠ᠃ | ︽ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠪᠢ ᠶᠡᠷᠦᠩᠬᠡᠢ | ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠠᠨ ᠤ ᠣᠷᠣᠰᠢᠨ ᠠᠮᠢᠳᠤᠷᠠᠵᠤ ᠪᠠᠶᠢᠭ᠎ᠠ ᠲᠠᠯ᠎ᠠ | ᠨᠤᠲᠤᠭ ᠢᠶᠠᠨ ᠰᠠᠶᠢᠲᠤᠷ ᠬᠠᠮᠠᠭᠠᠯᠠᠨ᠂ ᠰᠠᠶᠢᠲᠤᠷ ᠪᠦᠲᠦᠭᠡᠨ ᠪᠠᠶᠢᠭᠤᠯᠵᠤ᠂ ᠮᠠᠯᠴᠢᠳ ᠢᠶᠠᠨ ᠤᠯᠠᠮ | ᠴᠢᠨᠡᠭᠡᠯᠢᠭᠵᠢᠭᠦᠯᠬᠦ ᠪᠠᠷ ᠴᠢᠷᠮᠠᠶᠢᠨ᠎ᠠ︾ ᠭᠡᠵᠦ ᠤᠬᠠᠭᠤᠯᠤᠨ ᠲᠠᠶᠢᠯᠪᠤᠷᠢᠯᠠᠯᠲᠠ ᠳᠠᠭᠤᠰᠤᠭᠰᠠᠨ ᠤ ᠳᠠᠷᠠᠭ᠎ᠠ ᠲᠢᠩ · | ᠪᠠᠭᠠᠲᠤᠷ ᠪᠢᠳᠡᠨ ᠳᠤ ᠶᠠᠷᠢᠵᠤ ᠪᠠᠶᠢᠯ᠎ᠠ᠃ | | | | | | | | | |